ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ ᠠᠢ ᠯᠢ ᠬᠤᠸᠠ ᠯᠢᠦ ᠳ᠋ᠡ ᠱᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/6/20
     6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠪᠸᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠶᠡᠷᠦᠩᠬᠡᠶ ᠳᠠᠭᠠᠭᠠᠮᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠯᠢᠦ ᠳ᠋ᠡ ᠱᠠᠨ ᠶᠠᠷᠢᠶ᠎ᠠ ᠲᠠᠯᠪᠢᠪᠠ᠃      ᠲᠣᠰ ᠤᠳᠠᠭᠠᠨ ᠤ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠳᠡᠭᠡᠷ᠎ᠠ 7319 ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠶᠢᠨ ᠰᠠᠨᠠᠮᠵᠢ ᠶᠢᠨ ᠭᠡᠷ᠎ᠡ ᠲᠤᠬᠳᠠᠪᠠ᠃ ᠬᠤᠷᠠᠯ ᠳᠡᠭᠡᠷ᠎ᠡ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ 14 ᠠᠵᠤ ᠠᠬᠤᠶᠢᠯᠠᠯ ᠲᠠᠢ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠪᠸᠢ ᠪᠧᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠺᠣᠮᠫᠠᠨᠢ 8 ᠠᠵᠤ ᠠᠬᠤᠶᠢᠯᠠᠯ ᠲᠠᠢ ᠪᠤᠬᠢᠷᠳᠤᠯ ᠦᠭᠡᠢ ᠮᠥᠩᠭᠦᠨ ᠭᠦᠶ᠋ᠯᠭᠡᠭᠡᠨ ᠤ ᠳᠡᠮᠵᠢᠯᠭᠡ ᠶᠢᠨ ᠵᠦᠪᠯᠡᠯᠴᠡᠭᠡᠷ ᠲᠣᠭᠲᠠᠵᠤ᠂ 20 ᠠᠵᠤ ᠠᠬᠤᠶᠢᠯᠠᠯ ᠲᠠᠢ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠶᠢ ᠲᠥᠪᠯᠡᠷᠡᠭᠦᠯᠦᠨ ᠬᠤᠳᠠᠯᠳᠤᠨ ᠠᠪᠬᠤ ᠭᠡᠷ᠎ᠡ ᠲᠣᠭᠲᠠᠭᠰᠠᠨ ᠪᠥᠭᠡᠳ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠳᠤ ᠴᠠᠬᠢᠯᠭᠠᠨ ᠬᠥᠳᠡᠯᠭᠡᠭᠦᠷᠲᠦ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠪᠠ ᠮᠠᠰᠢᠨ ᠲᠡᠷᠭᠡᠨ ᠤ ᠬᠡᠢ ᠭᠠᠳᠠᠭᠰᠢᠯᠠᠭᠤᠯᠬᠤ ᠪᠠᠷᠢᠮᠵᠢᠶ᠎ᠡ ᠨᠢ ᠤᠯᠤᠰ ᠤᠨ ᠮᠠᠰᠢᠨ ᠲᠡᠷᠭᠡᠨ ᠤ ᠬᠡᠢ ᠭᠠᠳᠠᠭᠰᠢᠯᠠᠭᠤᠯᠬᠤ ᠪᠠᠷᠢᠮᠵᠢᠶ᠎ᠡ ᠶᠢᠨ ᠵᠢᠷᠭᠤᠳᠤᠭᠠᠷ ᠱᠠᠲᠤᠨ ᠤ ᠲᠤᠭᠲᠠᠭᠠᠯ ᠤᠨ ᠱᠠᠭᠠᠷᠳᠠᠯᠭ᠎ᠠ ᠳᠤ ᠬᠦᠷᠦᠭᠰᠡᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠶᠢ ᠪᠥᠭᠡᠮ ᠢᠶᠠᠷ ᠲᠤᠰᠢᠶᠠᠬᠤ ᠪᠠᠷ ᠪᠤᠯᠪᠠ᠃ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠪᠤᠭᠤᠲᠤ ᠬᠤᠲᠠ ᠶᠢᠨ ᠪᠠᠷᠠᠭᠤᠨ ᠬᠡᠰᠡᠭ ᠤᠨ ᠡᠬᠡ ᠬᠠᠭᠤᠷᠠᠶ ᠶᠢᠨ ᠭᠠᠷᠠᠮ ᠳᠤ ︽ᠰᠢᠨ᠎ᠡ ᠡᠨᠧᠷᠭᠢ + ᠲᠠᠷᠠᠬᠠᠶ ᠪᠤᠲᠠᠷᠬᠠᠶ ᠪᠠᠷ ᠲᠡᠬᠡᠬᠡᠪᠦᠷᠢᠯᠡᠵᠤ ᠪᠠᠶᠢᠬᠰᠠᠨ ᠢ ᠴᠢᠩᠬᠡᠯᠢᠭ ᠲᠤ ᠰᠠᠪᠠᠯᠠᠵᠤ ᠲᠡᠬᠡᠬᠡᠪᠦᠷᠢᠯᠡᠬᠦ ᠪᠤᠯᠭᠠᠨ ᠦᠬᠡᠷᠡᠴᠢᠯᠡᠬᠦ︾ ᠲᠥᠷᠥᠯ  ᠵᠦᠢᠯ ᠤᠨ ᠪᠤᠳᠠᠳᠠᠢ ᠦᠵᠡᠭᠦᠯᠭᠡ ᠶᠢ ᠲᠣᠭᠤᠷᠢᠨ ᠦᠵᠡᠪᠡ᠃      ᠠᠶ ᠯᠢ ᠬᠤᠸᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠦᠨ᠎ᠡ ᠠᠴᠠ ᠥᠷᠭᠡᠨ ᠣᠯᠠᠨ ᠠᠵᠤ ᠠᠬᠤᠶᠢᠯᠠᠯᠲᠠᠨ ᠤ ᠥᠪᠥᠷ ᠮᠣᠩᠭᠤᠯ ᠳᠤ ᠪᠠᠯᠠ ᠣᠷᠣᠭᠤᠯᠤᠨ ᠦᠶ᠋ᠯᠡᠰ ᠬᠥᠭᠵᠢᠭᠦᠯᠦᠭᠰᠡᠨ ᠪᠠ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠠᠵᠤ ᠦᠶ᠋ᠯᠡᠳᠪᠦᠷᠢ ᠶᠢᠨ ᠪᠦᠯᠦᠭᠯᠡᠯ ᠤᠨ ᠬᠢᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ ᠂ ᠢᠷᠡᠭᠡᠳᠦᠢ ᠪᠠᠨ ᠪᠠᠷᠠᠯᠠᠬᠤᠶ᠎ᠠ᠂ ᠪᠢᠳᠡ ᠳᠤᠷᠠᠲᠠᠶ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠡᠬᠢᠨ ᠤ ᠪᠠ ᠡᠴᠦᠰ ᠤᠨ ᠬᠡᠯᠬᠢᠶᠡᠨ ᠤ ᠬᠠᠮᠲᠤᠷᠠᠯᠴᠠᠭᠠᠨ ᠤ ᠬᠠᠨᠢᠲᠠᠨ ᠲᠠᠢ ᠬᠠᠮᠲᠤ ᠪᠠᠷ᠂ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠵᠡᠷᠭᠡ ᠬᠦᠷᠢᠶᠡᠨ ᠳᠤ ᠣᠷᠣᠨ ᠨᠤᠲᠤᠭ ᠪᠠ ᠠᠵᠤ ᠠᠬᠤᠶᠢᠯᠠᠯ ᠤᠨ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠵᠦ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠭᠡᠵᠦ᠂ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠪᠦᠷᠢᠨ ᠠᠵᠤ ᠦᠢᠯᠡᠰ ᠤᠨ ᠬᠡᠯᠬᠢᠶ᠎ᠡ ᠲᠠᠢ ᠠᠵᠤ ᠦᠢᠯᠡᠰ ᠤᠨ ᠪᠦᠯᠦᠭᠵᠢᠯ ᠢ ᠲᠦᠷᠭᠡᠳᠭᠡᠨ ᠪᠦᠷᠢᠯᠳᠦᠭᠦᠯᠵᠦ᠂ ᠠᠵᠤ ᠠᠬᠤᠢ ᠶᠢᠨ ᠬᠥᠭᠵᠢᠯᠲᠡ ᠳᠤ ᠪᠦᠬᠦ ᠬᠦᠴᠦ ᠪᠠᠷ ᠢᠶᠠᠨ ᠦᠢᠯᠡᠴᠢᠯᠡᠨ᠎ᠡ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号