ᠥᠪᠡᠷᠲᠡᠭᠡᠨ ᠵᠠᠰᠠᠬᠤ ᠣᠷᠣᠨ 30 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/6/21
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠳ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠶ ᠰᠢᠨ᠎ᠡ ᠣᠨᠣᠯᠵᠢᠬᠤᠨ ᠰᠢᠨ᠎ᠡ ᠪᠠᠶᠢᠯᠳᠤᠬᠤ ᠪᠣᠳᠣᠯᠭ᠎ᠠ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠶ ᠲᠤᠭᠤᠰᠢᠯᠠᠭᠤᠯᠵᠤ᠂ ᠴᠢᠳᠠᠪᠤᠷᠢᠲᠠᠳ ᠢᠶᠠᠷ ᠬᠥᠭᠵᠢᠯᠲᠡ ᠶᠢ ᠳᠠᠶᠢᠴᠢᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠴᠢᠳᠠᠪᠤᠷᠢᠲᠠᠳ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠴᠦᠲᠡᠢ ᠬᠡᠷᠡᠭᠵᠢᠭᠦᠯᠵᠦ᠂ ︽ᠨᠢᠭᠡ ᠰᠡᠳᠬᠢᠯ ᠤᠯᠠᠨ ᠬᠠᠷᠠᠭᠠᠰᠤ︾ ᠶᠢᠨ ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠳᠠᠪᠤᠷᠢᠲᠠᠳ ᠢ ᠪᠦᠬᠦ ᠲᠠᠯ᠎ᠠ ᠪᠠᠷ ᠬᠦᠮᠦᠵᠢᠭᠦᠯᠦᠨ᠂ ᠤᠷᠢᠨ ᠠᠪᠴᠢᠷᠠᠵᠤ᠂ ᠰᠠᠶᠢᠲᠤᠷ ᠬᠡᠷᠡᠭᠯᠡᠨ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠦᠳᠦᠬᠡᠨ ᠪᠠᠶᠢᠭᠤᠯᠬᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠪᠠᠬᠢ ᠴᠢᠳᠠᠪᠤᠷᠢᠲᠠᠨ ᠤ ᠰᠠᠭᠤᠷᠢ ᠶᠢ ᠲᠠᠯᠪᠢᠬᠤ ᠪᠠᠷ ᠪᠤᠢ᠃      ︽ᠬᠡᠷᠡᠭᠵᠢᠭᠦᠯᠬᠦ ᠰᠠᠨᠠᠯ︾ ᠳᠤ ᠰᠢᠨ᠎ᠡ ᠴᠠᠭ ᠦᠶ᠎ᠡ ᠶᠢᠨ ᠪᠥᠬᠦ ᠣᠷᠣᠨ ᠤ ᠴᠢᠳᠠᠪᠤᠷᠢᠲᠠᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠠ 2025 ᠣᠨ᠂ 2030 ᠣᠨ᠂ 2035 ᠣᠨ ︽ᠭᠤᠷᠪᠠᠨ ᠠᠯᠬᠤᠮ ᠢᠶᠠᠷ ᠶᠠᠪᠤᠬᠤ︾ ᠬᠠᠷᠠᠯᠲᠠ ᠶᠢᠨ ᠡᠭᠦᠷᠭᠡ ᠶᠢ ᠲᠣᠳᠣᠷᠬᠠᠶ ᠲᠣᠭᠲᠠᠭᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠰᠠᠭᠤᠷᠢᠯᠠᠨ᠂ ᠲᠠᠷᠠᠭᠠᠴᠢ ᠶᠢᠨ ᠱᠠᠲᠤᠨ ᠳᠠᠬᠢ ᠪᠦᠬᠦ ᠣᠷᠣᠨ ᠤ ᠴᠢᠳᠠᠪᠤᠷᠢᠲᠠᠨ ᠤ ᠠᠵᠢᠯ ᠳᠤ ᠰᠢᠰᠲ᠋ᠧᠮ ᠲᠠᠢ ᠠᠷᠭ᠎ᠠ ᠪᠣᠳᠣᠯᠭ᠎ᠠ ᠠᠪᠤᠭᠰᠠᠨ ᠪᠠ ᠪᠠᠶᠢᠷᠢᠯᠠᠭᠤᠯᠤᠯᠲᠠ ᠬᠢᠵᠦ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠬᠦ᠂ ᠴᠢᠳᠠᠪᠤᠷᠢᠲᠠᠨ ᠢ ᠣᠷᠢᠨ ᠠᠪᠴᠢᠷᠠᠬᠤ ᠴᠢᠳᠠᠪᠤᠷᠢᠲᠠᠨ ᠢ ᠬᠦᠮᠦᠵᠢᠭᠦᠯᠬᠦ ᠴᠢᠳᠠᠪᠤᠷᠢᠲᠠᠨ ᠢ ᠴᠤᠭᠯᠠᠭᠤᠯᠬᠤ ᠡᠷᠴᠢᠮ ᠢᠶᠠᠨ ᠴᠢᠩᠭᠠᠷᠠᠭᠤᠯᠬᠤ᠂ ᠴᠢᠳᠠᠪᠤᠷᠢᠲᠠᠨ ᠤ ᠬᠥᠭᠵᠢᠯᠲᠡ ᠶᠢᠨ ᠲᠤᠯᠭᠠᠭᠤᠷᠢᠯᠠᠬᠤ ᠲᠠᠪᠴᠠᠩ ᠢ ᠪᠠᠶᠢᠭᠤᠯᠬᠤ᠂ ᠴᠢᠳᠠᠪᠤᠷᠢᠲᠠᠳ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠦᠯᠬᠦ ᠶᠢ ᠠᠬᠢᠭᠤᠯᠬᠤ᠂ ᠴᠢᠳᠠᠪᠤᠷᠢᠲᠠᠳ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠭᠦᠴᠡᠯ ᠢ ᠪᠤᠢ ᠪᠣᠯᠭᠠᠬᠤ ᠵᠡᠷᠭᠡ ᠲᠣᠭᠤᠷᠢᠨ ᠳᠤ 30 ᠵᠤᠷᠪᠤᠰ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠠᠢ᠂ ᠡᠨᠡ ᠬᠦ ︽ᠬᠡᠷᠡᠭᠵᠢᠭᠦᠯᠬᠦ ᠰᠠᠨᠠᠯ︾ ᠨᠢ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠨᠡᠩ ᠪᠦᠷᠢᠨᠰᠢᠭᠦᠯᠦᠭᠰᠡᠨ᠂ ᠪᠦᠷᠬᠦᠴᠡ ᠨᠡᠩ ᠥᠷᠭᠡᠨ᠂ ᠦᠨ᠎ᠡ ᠴᠡᠨ᠎ᠡ ᠨᠡᠩ ᠥᠨᠳᠥᠷ ᠪᠣᠯᠤᠭᠰᠠᠨ ᠰᠢᠨ᠎ᠡ ᠴᠠᠭ ᠦᠶ᠎ᠡ ᠶᠢᠨ ᠪᠦᠬᠦ ᠣᠷᠣᠨ ᠤ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠦᠷᠦ ᠶᠢᠨ ᠪᠤᠳᠤᠯᠭ᠎ᠠ ᠶᠢᠨ ᠴᠢᠨᠠᠷᠲᠠᠢ ᠴᠢᠬᠤᠯᠠ ᠪᠢᠴᠢᠭ ᠮᠠᠲ᠋ᠧᠷᠢᠶᠠᠯ ᠪᠣᠯᠵᠠᠢ᠃      ︽ᠬᠡᠷᠡᠭᠵᠢᠭᠦᠯᠬᠦ ᠰᠠᠨᠠᠯ︾ ᠳᠤ ᠴᠢᠬᠤᠯᠠᠴᠢᠯᠠᠭᠰᠠᠨ ᠨᠢ᠂ ᠴᠢᠳᠠᠪᠤᠷᠢᠲᠠᠨ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠯᠪᠣᠭᠳᠠᠯ ᠪᠥᠬᠦᠶ ᠡᠯ᠎ᠡ ᠰᠠᠯᠠᠭ᠎ᠠ ᠮᠥᠴᠢᠷ ᠤᠳ ᠴᠢᠳᠠᠪᠤᠷᠢᠲᠠᠨ ᠤ ᠠᠵᠢᠯ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠴᠢᠬᠤᠯᠠ ᠠᠵᠢᠯ ᠢ ᠠᠬᠢᠭᠤᠯᠬᠤ᠂ ᠭᠤᠤᠯᠳᠠᠯᠭ᠎ᠠ ᠲᠠᠢ ᠴᠢᠳᠠᠪᠤᠷᠢᠲᠠᠳ ᠲᠤ ᠦᠢᠯᠡᠴᠢᠯᠡᠬᠦ ᠶᠢ ᠰᠠᠶᠢᠲᠤᠷ ᠠᠳᠬᠤᠵᠤ᠂ ᠲᠣᠰ ᠰᠢᠰᠲ᠋ᠧᠮ ᠲᠣᠰ ᠠᠵᠢᠯ ᠲᠥᠷᠥᠯ ᠤᠨ ᠢᠶᠠᠨ ᠴᠢᠳᠠᠪᠤᠷᠢᠲᠠᠳ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠴᠢᠳᠠᠪᠤᠷᠢᠲᠠᠳ ᠢ ᠤᠯᠤᠰ ᠲᠦᠷᠦ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠪᠠ ᠤᠯᠤᠰ ᠲᠦᠷᠦ ᠶᠢᠨ ᠲᠠᠯ᠎ᠠ ᠪᠠᠷ ᠰᠢᠩᠭᠡᠭᠡᠨ ᠠᠪᠬᠤ ᠶᠢ ᠴᠢᠩᠭᠠᠳᠬᠠᠵᠤ᠂ ᠥᠷᠭᠡᠨ ᠤᠯᠠᠨ ᠴᠢᠳᠠᠪᠤᠷᠢᠲᠠᠳ ᠢ ᠬᠥᠲᠥᠯᠥᠨ ᠵᠢᠯᠣᠭᠤᠳᠴᠤ ᠪᠠᠶᠢᠭᠠᠳ ᠬᠦᠰᠡᠯᠡᠩ ᠢᠲᠡᠭᠡᠯ ᠵᠣᠷᠢᠭ ᠢ ᠨᠢ ᠪᠠᠲᠤᠳᠬᠠᠵᠤ᠂ ᠤᠯᠤᠰ ᠲᠦᠷᠦ ᠶᠢᠨ ᠲᠠᠯ᠎ᠠ ᠪᠠᠷ ᠮᠡᠳᠡᠷᠡᠬᠦ ᠰᠡᠳᠬᠢᠯᠭᠡ ᠪᠠ ᠲᠥᠪᠯᠡᠩᠭᠦᠶ ᠬᠦᠴᠦᠨ ᠢ ᠨᠢ ᠴᠢᠩᠭᠠᠷᠠᠭᠤᠯᠬᠤ ᠬᠡᠷᠡᠭᠲᠡᠢ᠃ ᠡᠯ᠎ᠡ ᠠᠵᠢᠯ ᠲᠥᠷᠥᠯ ᠤᠨ ᠨᠡᠶᠢᠲᠡᠯᠢᠭ ᠰᠢᠯᠢᠳᠡᠭ ᠴᠢᠳᠠᠪᠤᠷᠢᠲᠠᠳ ᠢ ᠭᠦᠨᠵᠡᠭᠡᠶ ᠠᠭᠤᠳᠠᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠵᠣᠷᠢᠭ ᠰᠠᠨᠠᠭ᠎ᠠ ᠶᠢ ᠨᠢ ᠶᠡᠭᠡ ᠪᠠᠷ ᠪᠠᠳᠠᠷᠠᠭᠤᠯᠤᠨ᠂ ᠬᠥᠮᠦᠨ ᠪᠦᠬᠦᠨ ᠴᠢᠳᠠᠪᠤᠷᠢᠲᠠᠨ ᠪᠣᠯᠬᠤ ᠶᠢ ᠬᠦᠰᠡᠬᠦ᠂ ᠬᠥᠮᠦᠨ ᠪᠦᠬᠦᠨ ᠴᠢᠳᠠᠪᠤᠷᠢᠲᠠᠨ ᠪᠣᠯᠬᠤ ᠪᠠᠷ ᠴᠢᠷᠮᠠᠶᠢᠬᠤ᠂ ᠬᠥᠮᠦᠨ ᠪᠦᠬᠦᠨ ᠴᠢᠳᠠᠪᠤᠷᠢᠲᠠᠨ ᠪᠣᠯᠵᠣ ᠴᠢᠳᠠᠬᠤ᠂ ᠬᠥᠮᠦᠨ ᠪᠦᠬᠦᠨ ᠠᠪᠢᠶᠠᠰ ᠴᠢᠳᠠᠪᠤᠷᠢ ᠪᠠᠨ ᠪᠦᠷᠢᠨ ᠪᠠᠳᠠᠷᠠᠭᠤᠯᠵᠤ ᠴᠢᠳᠠᠬᠤ ᠠᠮᠢᠳᠤᠯᠢᠭ ᠪᠠᠶᠢᠳᠠᠯ ᠢ ᠴᠢᠷᠮᠠᠶᠢᠨ ᠪᠣᠶ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号