6 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ 2022 ᠣᠨ ᠤ 9 ᠳ᠋ᠤᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠭᠤᠴᠢ ᠶᠢᠰᠦᠳᠦᠭᠡᠷ ᠤᠳᠠᠭ᠎ᠠ᠂ | ᠳᠥᠴᠢᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ | ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ ᠢ ᠲᠥᠪᠯᠡᠷᠡᠩᠭᠦᠢ ᠴᠡᠭᠴᠡᠯᠡᠨ ᠵᠠᠰᠠᠬᠤ ᠠᠵᠢᠯ ᠢ ᠰᠤᠳᠤᠯᠵᠤ᠂ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ | ᠡᠰᠡᠷᠭᠦᠴᠡᠬᠦ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ | ᠭᠤᠴᠢ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠰᠤᠷᠤᠯᠴᠠᠨ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ | ᠳᠤᠮᠳᠠᠳᠤ ᠶᠢᠨ ᠪᠣᠯᠪᠠᠰᠤᠨ ᠤ ᠡᠭᠦᠰᠦᠯ ᠬᠥᠭᠵᠢᠯᠲᠡ ᠲᠠᠢ ᠬᠤᠯᠪᠣᠭᠳᠠᠬᠤ ᠠᠯᠢ ᠤᠯᠠᠨ ᠴᠢᠬᠤᠯᠠ ᠶᠡᠭᠡ | ᠠᠰᠠᠭᠤᠳᠠᠯ ᠢ ᠲᠣᠳᠣᠷᠬᠠᠢ ᠣᠶᠢᠯᠠᠭᠠᠵᠤ᠂ ᠲᠡᠦᠬᠡ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ | ᠰᠣᠶᠣᠯ ᠤᠨ ᠢᠲᠡᠭᠡᠯ ᠢᠶᠠᠨ ᠪᠠᠲᠤᠳᠬᠠᠬᠤ ᠬᠡᠷᠡᠭᠲᠡᠢ᠃ ᠵᠠᠯᠭᠠᠮᠵᠢᠯᠠᠨ ᠪᠠᠳᠠᠷᠠᠭᠤᠯᠬᠤ ᠳᠡᠭᠡᠷ᠎ᠡ ᠬᠦᠴᠦ ᠲᠠᠯᠪᠢᠵᠤ᠂ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠬᠦᠴᠦᠯᠡᠨ ᠠᠬᠢᠭᠤᠯᠵᠤ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠬᠤ ᠳᠡᠭᠡᠷ᠎ᠡ | ᠬᠦᠴᠦ ᠲᠠᠯᠪᠢᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠤᠯᠠᠮ ᠴᠢᠨᠠᠭᠰᠢᠳᠠ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ | ᠴᠣᠭᠴᠠᠯᠠᠬᠤ ᠬᠡᠷᠡᠭᠲᠡᠢ᠃ ᠬᠠᠮᠠᠭᠠᠯᠠᠵᠤ ᠠᠰᠢᠭᠯᠠᠬᠤ ᠲᠠᠯ᠎ᠠ ᠪᠠᠷ ᠬᠦᠴᠦ ᠳᠠᠯᠪᠢᠵᠥ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠢᠨᠵᠧᠨᠧᠷᠢᠩ ᠪᠣᠯᠤᠨ ᠴᠢᠬᠤᠯᠠ ᠶᠡᠭᠡ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠤᠪᠢᠰᠬᠠᠯ ᠤᠨ ᠡᠬᠢ | ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠤᠯᠠᠮᠵᠢᠯᠠᠯ ᠢ ᠰᠠᠶᠢᠲᠤᠷ ᠪᠠᠳᠠᠷᠠᠭᠤᠯᠵᠤ᠂ ᠬᠤᠪᠢᠰᠬᠠᠯ ᠤᠨ | ᠤᠳᠤᠮᠰᠢᠯ ᠢ ᠰᠠᠶᠢᠲᠤᠷ ᠤᠯᠠᠮᠵᠢᠯᠠᠨ ᠵᠠᠯᠭᠠᠮᠵᠢᠯᠠᠬᠤ ᠬᠡᠷᠡᠭᠲᠡᠢ ᠬᠡᠵᠥ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ | ᠲᠣᠪᠴᠢᠶ᠎ᠠ ᠶᠢᠨ ᠳᠥᠴᠢᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠨᠢ | ᠢᠯᠵᠡᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠶᠢᠨ ᠴᠢᠬᠤᠯᠠ ᠴᠢᠨᠠᠷ ᠪᠠ ᠲᠤᠯᠭᠠᠮ ᠴᠢᠨᠠᠷ ᠢ ᠳᠠᠬᠢᠨᠲᠠ | ᠴᠢᠬᠤᠯᠠᠴᠢᠯᠠᠵᠤ᠂ ᠢᠯᠵᠡᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠴᠢᠭᠯᠡᠯ ᠠᠷᠭ᠎ᠠ ᠵᠠᠮ ᠢ ᠳᠠᠬᠢᠨᠲᠠ ᠲᠣᠳᠣᠷᠬᠠᠢ | ᠵᠢᠭᠠᠵᠤ ᠥᠭᠴᠡᠢ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠨ ᠨᠠᠮ ᠤᠨ | ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ | ᠡᠭᠦᠷᠭᠡᠯᠡᠵᠦ᠂ ᠠᠰᠠᠭᠤᠳᠠᠯ ᠳᠤ ᠵᠥᠪ ᠢᠶᠠᠷ ᠬᠠᠨᠳᠤᠬᠤ ᠰᠥᠰᠥ ᠵᠣᠷᠢᠭ ᠪᠣᠯᠤᠨ ᠬᠢᠳᠤᠭᠠᠨ ᠢᠷ ᠢᠶᠠᠨ ᠳᠣᠲᠣᠭᠰᠢ | ᠬᠠᠨᠳᠤᠭᠤᠯᠬᠤ ᠡᠷᠡᠰ ᠵᠤᠷᠢᠭ ᠢᠶᠠᠨ ᠢᠮᠠᠭᠲᠠ ᠪᠠᠷᠢᠮᠲᠠᠯᠠᠵᠤ᠂ ᠴᠢᠩᠭ᠎ᠠ ᠭᠤᠣᠯ ᠬᠦᠭ ᠠᠶᠠᠰ ᠢ ᠭᠤᠶᠢᠪᠢᠰᠢ ᠦᠭᠡᠢ | ᠢᠮᠠᠬᠳᠠ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠡᠬᠢ ᠡᠭᠦᠰᠦᠯ ᠠᠴᠠ ᠨᠢ | ᠵᠠᠰᠠᠬᠤ ᠶᠢ ᠴᠢᠩᠭᠠᠳᠬᠠᠵᠤ᠂ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠣᠷᠳᠣᠨ ᠢ ᠪᠠᠶᠢᠭᠤᠯᠬᠤ ᠪᠠᠷ ᠬᠠᠷᠠᠯᠲᠠ | ᠪᠣᠯᠭᠠᠨ ᠰᠤᠷᠲᠠᠯ ᠢᠶᠠᠨ ᠦᠷᠭᠦᠯᠵᠢᠯᠡᠨ ᠭᠦᠨᠵᠡᠭᠡᠢ ᠰᠠᠶᠢᠵᠢᠷᠠᠭᠤᠯᠵᠤ᠂ ᠨᠠᠮ ᠤᠨ ᠲᠡᠷᠢᠭᠦᠨ ᠤ ᠴᠢᠨᠠᠷ ᠢ | ᠰᠤᠯᠠᠷᠠᠭᠤᠯᠬᠤ᠂ ᠨᠠᠮ ᠤᠨ ᠴᠡᠪᠡᠷ ᠴᠢᠨᠠᠷ ᠢ ᠬᠤᠬᠢᠷᠠᠭᠤᠯᠬᠤ ᠡᠯ᠎ᠡ ᠵᠦᠢᠯ ᠤᠨ ᠡᠪᠡᠳᠴᠢᠨ ᠡᠭᠦᠰᠭᠡᠭᠴᠢ ᠲᠠᠢ ᠡᠷᠡᠰ | ᠲᠡᠮᠡᠴᠡᠯ ᠬᠢᠵᠦ᠂ ᠢᠮᠠᠭᠲᠠ ᠦᠯᠦ ᠠᠭᠤᠴᠢᠯᠠᠬᠤ ᠣᠪᠣᠷ ᠢᠶᠠᠷ ᠢᠯᠵᠡᠷᠡᠯ ᠢ ᠵᠠᠯᠬᠠᠭᠠᠨ ᠰᠢᠢᠳᠭᠡᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠭᠲᠤᠬᠤ ᠳᠤ ᠰᠤᠷᠲᠠᠯ ᠴᠢᠬᠡᠴᠢ ᠣᠪᠣᠷ ᠲᠥᠪ | ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃ |