ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠸᠠᠩ ᠯᠢ ᠰᠢᠶᠠ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/6/28
    6 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠮᠠᠨ ᠤ ᠣᠷᠣᠨ ᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠯᠢ ᠣᠯᠠᠨ ᠴᠢᠬᠤᠯᠠ ᠵᠢᠭᠠᠪᠤᠷᠢ ᠱᠠᠭᠠᠷᠳᠠᠯᠭ᠎ᠠ ᠳᠤᠷᠠᠳᠴᠤ᠂ ᠪᠢᠳᠡᠨ ᠤ ᠠᠵᠤ ᠦᠶ᠋ᠯᠡᠰ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠪᠥᠬᠦ ᠣᠷᠣᠨ ᠳᠠᠶᠠᠭᠠᠷ ᠢᠶᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭᠠᠨ ᠤ ︽ᠥᠪᠥᠷ ᠮᠣᠩᠭᠤᠯ ᠤᠨ ᠬᠠᠭᠤᠳᠠᠰᠤ︾ ᠶᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠪᠠ ᠰᠦᠷᠦᠭᠵᠢᠯ ᠢ ᠪᠠᠶᠢᠭᠤᠯᠵᠥ ᠰᠦᠷᠦᠭᠵᠢᠯ ᠢ ᠬᠦᠴᠦᠷᠬᠡᠭᠵᠢᠬᠦᠯᠵᠥ ᠰᠦᠷᠦᠭᠵᠢᠯ ᠢ ᠰᠢᠯᠢᠳᠡᠭᠵᠢᠬᠦᠯᠬᠦ ᠶᠢ ᠲᠦᠷᠭᠡᠳᠭᠡᠨ ᠠᠬᠢᠭᠤᠯᠬᠤ ᠬᠡᠷᠡᠭᠲᠡᠶ᠃ ᠭᠤᠣᠯᠳᠠᠯᠭ᠎ᠠ ᠶᠢ ᠡᠵᠡᠮᠳᠡᠨ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠰᠦᠷᠦᠭᠵᠢᠯ ᠤᠨ ᠲᠦᠷᠦᠭᠦᠨ ᠢ ᠠᠳᠬᠤᠨ᠂ ᠬᠡᠯᠬᠢᠶ᠎ᠡ ᠶᠢᠨ ᠭᠤᠣᠯ ᠢ ᠠᠳᠬᠤᠵᠤ᠂ ᠲᠠᠰᠤᠷᠬᠠᠶ ᠴᠡᠭ ᠢ ᠠᠳᠬᠤᠨ᠂ ᠳᠤᠲᠠᠭᠤᠳᠠᠯ ᠢ ᠠᠳᠬᠤᠵᠤ᠂ ᠲᠦᠷᠦᠯ ᠵᠦᠢᠯ ᠢ ᠠᠳᠬᠤᠨ᠂ ᠠᠷᠠᠯᠵᠢᠶᠠᠴᠢᠨ ᠤᠷᠢᠬᠤ ᠶᠢ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠳᠬᠤᠨ᠂ ᠲᠦᠷᠦᠯ ᠲᠡᠮᠳᠡᠭ ᠢ ᠠᠳᠬᠤᠵᠤ᠂ ᠬᠦᠷᠢᠶᠡᠯᠡᠩ ᠲᠣᠭᠤᠷᠢᠭ ᠢ ᠠᠳᠬᠤᠨ᠂ ᠡᠷᠴᠢᠮᠵᠢᠬᠦᠯᠬᠦ ᠶᠢ ᠠᠳᠬᠤᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠠᠳᠬᠤᠨ᠂ ᠬᠠᠮᠲᠤᠷᠠᠯᠴᠠᠭ᠎ᠠ ᠶᠢ ᠠᠳᠬᠤᠵᠤ᠂ ᠨᠡᠭᠡᠭᠡᠯᠲᠡ ᠬᠢᠬᠦ ᠶᠢ ᠠᠳᠬᠤᠨ᠂ ᠬᠢᠯᠢ ᠶᠢᠨ ᠪᠣᠭᠤᠮᠲᠠ ᠶᠢ ᠠᠳᠬᠤᠵᠤ᠂ ᠲᠦᠷᠦ ᠶᠢᠨ ᠪᠤᠳᠤᠯᠭ᠎ᠠ ᠶᠢ ᠠᠳᠬᠤᠨ᠂ ᠲᠠᠪᠴᠠᠩ ᠢ ᠠᠳᠬᠤᠵᠤ᠂ ᠠᠵᠤ ᠦᠢᠯᠡᠰ ᠤᠨ ᠰᠦᠷᠦᠭᠵᠢᠯ ᠪᠣᠯᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠰᠢᠨ᠎ᠡ ᠬᠥᠭᠵᠢᠯᠲᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠴᠢᠭᠯᠡᠯ ᠣᠨᠣᠪᠴᠢᠲᠠᠢ᠂ ᠠᠵᠢᠯ ᠪᠣᠳᠠᠲᠠᠢ᠂ ᠠᠶᠢᠵᠠᠮ ᠲᠦᠷᠭᠡᠨ ᠪᠠᠶᠢᠬᠤ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢ ᠦᠨᠡᠨ ᠪᠣᠳᠠᠲᠠᠢ ᠠᠳᠬᠤᠵᠤ᠂ ᠨᠢᠭᠡᠳ ᠨᠢᠭᠡ ᠪᠠᠷ ᠦᠷ᠎ᠡ ᠪᠦᠲᠦᠮᠵᠢ ᠭᠠᠷᠭᠠᠵᠤ᠂ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠠᠶᠢᠨ ᠰᠠᠶᠢᠬᠠᠨ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠳᠤ ᠪᠡᠯᠡᠭ ᠬᠦᠷᠭᠡᠬᠦ ᠬᠡᠷᠡᠭᠲᠡᠢ ᠭᠡᠵᠦ ᠵᠢᠭᠠᠵᠥ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号