ᠰᠦᠨ ᠱᠤᠤ ᠴᠧᠩ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠬᠢᠬᠦ ᠳᠤᠬᠠᠢ ᠣᠪᠣᠷ ᠢᠶᠠᠨ ᠢᠯᠡᠳᠭᠡᠬᠦ ᠦᠭᠡ ᠬᠡᠯᠡᠪᠡ
ᠨᠡᠶᠢᠲᠡᠯᠡᠭᠰᠡᠨ ᠴᠠᠭ᠄
2022/6/6
      6 ᠰᠠᠷ᠎ᠠ ᠶᠢᠨ 2 ᠤᠨ ᠡᠳᠤᠷ᠂ ᠲᠥᠪ ᠤᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠳᠡᠭᠡᠷ᠎ᠡ ᠣᠪᠣᠷ ᠢᠶᠠᠨ ᠢᠯᠡᠳᠭᠡᠬᠦ ᠦᠭᠡ ᠬᠡᠯᠡᠪᠡ᠃      ᠰᠦᠨ ᠱᠤᠤ ᠴᠧᠩ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠱᠠᠯᠠᠪᠳᠠᠭᠤᠯᠤᠨ ᠪᠠᠶᠢᠴᠠᠭᠠᠭᠰᠠᠨ ᠰᠠᠨᠠᠯ ᠨᠢ ᠪᠤᠰᠤᠳᠴᠢ ᠪᠥᠭᠡᠳ ᠣᠨᠣᠪᠴᠢᠲᠠᠢ᠂ ᠦᠨᠡᠨ ᠠᠴᠠ ᠵᠥᠪ ᠢ ᠡᠷᠢᠵᠦ᠂ ᠠᠮᠢᠨ ᠭᠠᠵᠠᠷ ᠢ ᠣᠨᠣᠭᠠᠵᠤ᠂ ᠮᠠᠰᠢ ᠴᠢᠩᠭ᠎ᠠ ᠴᠢᠭᠯᠡᠬᠦᠯᠦᠯᠳᠤ ᠴᠢᠨᠠᠷ᠂ ᠵᠢᠯᠣᠭᠤᠳᠬᠤ ᠴᠢᠨᠠᠷ ᠪᠠ ᠦᠢᠯᠡᠳᠦᠯᠭᠡᠲᠦ ᠴᠢᠨᠠᠷ ᠲᠠᠢ ᠶᠤᠮ᠂ ᠪᠢᠳᠡ ᠪᠦᠷᠢᠮᠦᠰᠦᠨ ᠵᠥᠪᠰᠢᠶᠡᠷᠡᠵᠦ᠂ ᠴᠢᠩ ᠦᠨᠡᠨᠴᠢ ᠪᠠᠷ ᠬᠦᠯᠢᠶᠡᠨ ᠠᠪᠴᠤ᠂ ᠲᠡᠷᠡ ᠶᠣᠰᠣᠭᠠᠷ ᠨᠢ ᠪᠦᠬᠦᠨ ᠢ ᠬᠦᠯᠢᠶᠡᠨ ᠠᠪᠤᠨ᠎ᠠ ᠬᠡᠪᠡ᠃      ᠰᠦᠨ ᠱᠤᠤ ᠴᠧᠩ᠂ ᠪᠢᠳᠡ ᠯᠠᠪᠲᠠᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠳᠤ ᠬᠠᠷᠢᠭᠤᠴᠠᠬᠤ᠂ ᠪᠦᠬᠦ ᠣᠷᠣᠨ ᠤ 2400 ᠭᠠᠷᠤᠢ ᠲᠦᠮᠡᠨ ᠠᠷᠠᠳ ᠲᠦᠮᠡᠨ ᠳᠤ ᠬᠠᠷᠢᠭᠤᠴᠠᠬᠤ᠂ ᠦᠷ᠎ᠡ ᠬᠤᠶᠢᠴᠢᠰ ᠲᠠᠭᠠᠨ ᠬᠠᠷᠢᠭᠤᠴᠠᠬᠤ ᠣᠪᠣᠷ ᠢᠶᠠᠷ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠣᠳᠠᠲᠠᠢ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠰᠠᠶᠢᠲᠤᠷ ᠠᠳᠬᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠷ᠎ᠡ ᠪᠦᠲᠦᠭᠡᠯ ᠤᠨ ᠤᠬᠠᠮᠰᠠᠷ᠂ ᠲᠠᠩᠰᠠ ᠪᠠᠨ ᠮᠡᠳᠡᠭᠦᠯᠬᠦ ᠤᠬᠠᠮᠰᠠᠷ᠂ ᠰᠢᠯᠭᠠᠯᠳᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠥᠷᠯᠥᠭᠡ ᠦᠳᠡᠰᠢ ᠥᠬᠡᠶ ᠲᠡᠮᠡᠴᠡᠵᠥ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠡᠭᠦᠷᠭᠡ ᠠᠴᠠ ᠭᠠᠳᠠᠨ᠎ᠠ᠂ ᠴᠠᠭ ᠬᠤᠭᠤᠴᠠᠭᠠᠨ ᠤ ᠱᠠᠭᠠᠷᠳᠠᠯᠭ᠎ᠠ ᠲᠠᠢ ᠯᠠ ᠶᠤᠮ ᠪᠣᠯ ᠴᠥᠮ 1 ᠰᠠᠷ᠎ᠠ ᠤᠷᠢᠳᠴᠢᠯᠠᠨ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠪᠠᠯ ︽ᠶᠠᠯ᠎ᠠ ᠳᠡᠭᠡᠷ᠎ᠡ ᠨᠢ ᠶᠠᠯ᠎ᠠ ᠳᠤᠯᠭᠠᠨ︾ ᠴᠢᠩᠭ᠎ᠠ ᠰᠢᠢᠳᠪᠦᠷᠢᠯᠡᠵᠦ᠂ ᠮᠡᠳᠡᠵᠦ ᠪᠠᠶᠢᠭᠠᠳ ᠵᠣᠷᠢᠭᠤᠳᠠ ᠵᠥᠷᠢᠴᠡᠬᠦ᠂ ᠣᠯᠠᠨᠲᠠ ᠭᠦᠮᠦᠵᠢᠭᠦᠯᠪᠡᠴᠤ ᠥᠯᠥ ᠵᠠᠰᠠᠷᠠᠬᠤ᠂ ᠠᠷᠠᠳ ᠣᠯᠠᠨ ᠢ ᠬᠤᠬᠢᠷᠠᠭᠤᠯᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠨᠣᠶᠠᠨ ᠬᠤᠳᠠᠯᠳᠤᠭᠠᠴᠢᠨ ᠰᠥᠯᠪᠡᠭᠡᠯᠳᠦᠭᠰᠡᠨ ᠪᠠᠶᠢᠪᠠᠯ ᠳᠠᠬᠢᠨ ᠢᠶᠠᠷ ᠴᠢᠩᠭ᠎ᠠ ᠰᠢᠢᠳᠭᠡᠵᠦ᠂ ᠰᠠᠨᠠᠯ ᠰᠠᠨᠠᠭᠤᠯᠭ᠎ᠠ ᠶᠢ ᠰᠣᠨᠣᠰᠬᠤ ᠥᠬᠡᠶ᠂ ᠰᠠᠯᠬᠢ ᠰᠦᠷᠦᠨ ᠬᠡᠷᠡᠭ ᠦᠶ᠋ᠯᠡᠳᠦᠭᠰᠡᠨ ᠪᠠᠶᠢᠪᠠᠯ ᠤᠷᠢᠳ ᠢᠶᠠᠷ ᠬᠥᠮᠦᠨ ᠢ ᠨᠢ ᠰᠢᠢᠳᠬᠡᠵᠥ ᠳᠠᠷᠠᠭ᠎ᠠ ᠨᠢ ᠬᠡᠷᠡᠭ ᠶᠠᠪᠤᠳᠠᠯ ᠢ ᠰᠢᠢᠳᠪᠦᠷᠢᠯᠡᠵᠤ᠂ ᠬᠠᠲᠠᠭᠤ ᠴᠢᠩᠭ᠎ᠠ ᠵᠠᠰᠠᠯᠲᠠ ᠬᠢᠨ᠎ᠠ᠃ ᠣᠨᠢᠨ ᠳᠡᠭᠡᠷ᠎ᠡ ᠨᠢ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠨᠡᠬᠡᠮᠵᠢᠯᠡᠬᠦ ᠳᠤ ᠵᠠᠮᠪᠠᠷᠠᠭ᠎ᠠ ᠦᠭᠡᠢ ᠪᠠᠶᠢᠬᠤ ᠶᠢ ᠰᠡᠷᠭᠡᠶᠢᠯᠡᠵᠦ᠂ ᠬᠠᠷᠢᠭᠤᠴᠠᠯᠭ᠎ᠠ ᠨᠡᠬᠡᠮᠵᠢᠯᠡᠬᠦ ᠪᠠᠷ ᠴᠡᠭᠴᠡᠯᠡᠨ ᠰᠠᠶᠢᠵᠢᠷᠠᠭᠤᠯᠬᠤ ᠶᠢ ᠣᠷᠣᠯᠠᠭᠤᠯᠬᠤ ᠠᠴᠠ ᠡᠷᠡᠰ ᠵᠠᠶᠢᠯᠠᠰᠬᠢᠨ᠎ᠠ᠃ ᠨᠢᠭᠡ ᠠᠴᠠ ᠵᠦᠢᠴᠢᠯᠡᠵᠦ ᠨᠦᠬᠦᠬᠡ ᠶᠢ ᠮᠡᠳᠡᠬᠦ᠂ ᠦᠩᠬᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠲᠦᠷᠢᠮ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠡᠬᠢ ᠡᠭᠦᠰᠦᠯ ᠠᠴᠠ ᠨᠢ ᠠᠳᠬᠤᠬᠤ᠂ ᠦᠨᠳᠦᠰᠦ  ᠠᠴᠠ ᠨᠢ ᠵᠠᠰᠠᠬᠤ᠂ ᠠᠯᠤᠰ ᠬᠡᠳᠤ ᠶᠢ ᠬᠠᠮᠢᠶᠠᠷᠬᠤ ᠲᠦᠷᠢᠮ ᠲᠣᠭᠲᠠᠴᠠ ᠶᠢ ᠦᠨᠡᠨ ᠬᠦ ᠪᠦᠷᠢᠯᠳᠦᠭᠦᠯᠵᠦ᠂ ᠬᠠᠮᠤᠭ ᠤᠨ ᠴᠢᠩᠭ᠎ᠠ ᠲᠦᠷᠢᠮ ᠬᠠᠮᠤᠭ ᠤᠨ ᠴᠢᠩᠭ᠎ᠠ ᠬᠠᠤᠯᠢᠵᠢᠯ ᠢᠶᠠᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ᠎ᠠ᠃ ᠱᠠᠯᠠᠪᠳᠠᠭᠤᠯᠤᠨ ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠱᠠᠯᠠᠪᠳᠠᠭᠤᠯᠤᠨ ᠪᠠᠶᠢᠴᠠᠭᠠᠬᠤ ᠦᠢᠯᠡᠳᠦᠯ ᠢ ᠶᠡᠬᠡᠰᠭᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠥᠨᠳᠥᠷ ᠲᠥᠪᠰᠢᠨ ᠪᠦᠬᠦᠢ ᠬᠠᠮᠠᠭᠠᠯᠠᠯᠲᠠ ᠪᠠ ᠰᠠᠶᠢᠲᠠᠢ ᠬᠥᠭᠵᠢᠯᠲᠡ ᠶᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠡᠬᠢ ᠡᠭᠦᠰᠦᠯ ᠠᠴᠠ ᠨᠢ ᠰᠠᠶᠢᠲᠤᠷ ᠰᠢᠢᠳᠪᠦᠷᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ ᠬᠡᠵᠥ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号