6 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ | ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ | ᠭᠠᠵᠠᠷ ᠤᠨ ᠶᠡᠷᠦᠩᠬᠡᠢ ᠵᠢᠯᠤᠭᠤᠳᠤᠬᠴᠢ ᠸᠠᠩ ᠯᠢ ᠰᠢᠶᠠ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠸᠢᠳᠢᠣ᠋ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠢᠵᠢᠭ ᠤᠨ | ᠪᠠᠶᠢᠳᠠᠯ ᠢ ᠰᠢᠢᠳᠪᠦᠷᠢᠯᠡᠵᠦ ᠠᠷᠭᠠᠴᠠᠭᠠᠵᠤ ᠪᠠᠶᠢᠭ᠎ᠠ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ | ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠸᠠᠩ ᠯᠢ ᠰᠢᠶᠠ᠂ ᠴᠤᠮᠬᠠᠳᠬᠠᠨ ᠰᠢᠯᠢᠳᠡᠭᠵᠢᠬᠦᠯᠦᠨ ᠵᠢᠯᠣᠭᠤᠳᠬᠤ ᠬᠠᠮᠢᠶᠠᠷᠤᠯᠲᠠ ᠶᠢᠨ ᠵᠠᠭᠪᠤᠷ ᠢ | ᠨᠠᠶᠢᠳᠠᠪᠤᠷᠢᠵᠢᠭᠤᠯᠵᠤ᠂ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠪᠥᠭᠡᠮ ᠬᠦᠴᠢᠯ ᠤᠨ ᠪᠠᠶᠢᠴᠠᠭᠠᠯᠲᠠ ᠶᠢ | ᠪᠥᠬᠦ ᠲᠠᠯ᠎ᠠ ᠪᠠᠷ ᠥᠷᠨᠢᠭᠦᠯᠵᠦ᠂ ᠪᠠᠶᠢᠴᠠᠭᠠᠪᠡᠯ ᠵᠤᠬᠢᠬᠤ ᠶᠢ ᠨᠢ ᠪᠦᠬᠦᠨ ᠢ ᠪᠠᠶᠢᠴᠠᠭᠠᠬᠤ ᠶᠢ ᠦᠨᠡᠨ ᠬᠦ ᠪᠠᠲᠤᠯᠠᠵᠤ᠂ | ᠠᠷᠭ᠎ᠠ ᠴᠢᠨᠠᠷᠳᠠᠢ ᠡᠪᠡᠳᠴᠢᠨ ᠤ ᠵᠢᠱᠢᠶ᠎ᠠ ᠳᠠᠭᠠᠷᠠᠪᠠᠯ ᠡᠷᠬᠡᠪᠰᠢ ᠮᠡᠳᠡᠭᠦᠯᠬᠦ᠂ ᠠᠷᠭ᠎ᠠ ᠴᠢᠨᠠᠷᠳᠠᠢ ᠡᠪᠡᠳᠴᠢᠨ ᠤ | ᠵᠢᠱᠢᠶ᠎ᠠ ᠳᠠᠭᠠᠷᠠᠪᠠᠯ ᠳᠠᠷᠦ᠋ᠢᠬᠠᠨ ᠮᠡᠳᠡᠭᠦᠯᠬᠦ᠂ ᠳᠠᠷᠦ᠋ᠢᠬᠠᠨ ᠮᠡᠳᠡᠭᠦᠯᠬᠦ ᠳᠠᠷᠦ᠋ᠢᠬᠠᠨ ᠪᠠᠶᠢᠴᠠᠭᠠᠬᠤ᠂ ᠤᠷᠢᠳ ᠢᠶᠠᠷ | ᠬᠠᠮᠢᠶᠠᠷᠴᠤ ᠳᠠᠷᠠᠭ᠎ᠠ ᠨᠢ ᠰᠢᠭᠰᠢᠨ ᠪᠠᠶᠢᠴᠠᠭᠠᠬᠤ ᠶᠢ ᠪᠡᠶᠡᠯᠡᠭᠦᠯᠬᠦ ᠬᠡᠷᠡᠭᠲᠡᠶ᠃ ︽ᠠᠷᠭ᠎ᠠ ᠴᠢᠨᠠᠷᠳᠠᠢ ᠡᠪᠡᠳᠴᠢᠨ ᠤ | ᠵᠢᠱᠢᠶ᠎ᠠ ᠶᠢ ᠮᠦᠷᠳᠡᠬᠦ︾ ᠲᠤᠰᠬᠠᠶ ᠠᠩᠭᠢ ᠪᠠᠶᠢᠭᠤᠯᠵᠤ᠂ ᠬᠤᠯᠢᠯᠳᠤᠭᠤᠯᠤᠨ ᠦᠯᠢᠭᠡᠷ ᠠᠪᠬᠤ ᠬᠤᠷᠤᠭᠤ ᠰᠢᠯ | ᠲᠤᠮᠳᠠᠬᠢ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠠ ᠶᠢᠨ ᠪᠦᠬᠦ ᠬᠡᠯᠬᠢᠶ᠎ᠡ ᠶᠢ ᠦᠳᠲᠡᠷ ᠲᠦᠷᠭᠡᠨ ᠮᠥᠷᠳᠡᠵᠦ᠂ ᠨᠢᠭᠡ | ᠬᠤᠷᠤᠭᠤ ᠰᠢᠯ ᠢ ᠨᠢᠭᠡ ᠲᠤᠰᠬᠠᠶ ᠠᠩᠭᠢ ᠪᠣᠯᠭᠠᠵᠤ᠂ ᠨᠢᠭᠡ ᠬᠤᠷᠤᠭᠤ ᠰᠢᠯ ᠢ ᠨᠢᠭᠡ ᠮᠦᠷᠳᠡᠵᠤ᠂ ᠡᠴᠦᠰ ᠲᠤᠨᠢ | ᠲᠤᠯᠲᠠᠯ᠎ᠠ ᠮᠦᠷᠳᠡᠬᠦ ᠶᠢ ᠪᠠᠶᠠᠯᠡᠬᠦᠯᠬᠦ ᠭᠡᠷᠡᠭᠳᠠᠢ᠃ ᠬᠠᠮᠤᠭ ᠤᠨ ᠲᠦᠷᠦᠬᠦᠨ ᠳᠤ ᠲᠠᠬᠤᠯ ᠡᠪᠡᠳᠴᠢᠨ ᠤ | ᠪᠠᠶᠢᠴᠠᠭᠠᠯᠲᠠ ᠶᠢᠨ ᠡᠬᠢ ᠰᠤᠷᠪᠤᠯᠵᠢ ᠶᠢ ᠮᠦᠷᠳᠡᠵᠤ᠂ ᠳᠠᠷᠬᠠᠨ ᠲᠠᠯᠭᠡᠷᠡᠬᠦ ᠵᠠᠮ ᠮᠥᠷ ᠢ ᠲᠦᠷᠭᠡᠨ ᠴᠡᠪᠡᠷᠯᠡᠵᠦ᠂ | ᠰᠢᠨᠵᠢᠯᠡᠬᠦ ᠤᠬᠠᠭᠠᠨᠴᠢ ᠣᠨᠣᠴᠠᠲᠠᠢ ᠪᠠᠷ ᠨᠢᠭᠲᠠ ᠤᠶᠢᠷᠠᠳᠤᠬᠴᠢ᠂ ᠲᠠᠮ ᠤᠶᠢᠷᠠᠳᠤᠬᠴᠢ ᠶᠢ ᠡᠷᠢᠨ ᠭᠠᠷᠭᠠᠵᠤ᠂ | ᠬᠠᠮᠢᠶᠠᠷᠤᠨ ᠡᠵᠡᠮᠳᠡᠵᠦ᠂ ᠲᠤᠰᠠᠭᠠᠷᠯᠠᠬᠤ ᠦᠷᠦᠭᠡ ᠶᠢ ᠭᠦᠢᠴᠡᠳ ᠪᠡᠯᠡᠳᠭᠡᠵᠦ᠂ ᠲᠤᠰᠠᠭᠠᠷᠯᠠᠪᠡᠯ ᠵᠤᠬᠢᠬᠤ ᠶᠢ ᠨᠢ | ᠪᠦᠬᠦᠨ ᠢ ᠲᠤᠰᠠᠭᠠᠷᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠭᠡᠮ ᠤᠨ ᠬᠠᠮᠢᠶᠠᠷᠤᠯᠲᠠ ᠡᠵᠡᠮᠳᠡᠯ ᠢ | ᠴᠢᠩᠭᠠᠳᠬᠠᠵᠤ᠂ ᠬᠡᠷ ᠠᠴᠠ ᠪᠠᠨ ᠭᠠᠷᠬᠤ ᠥᠬᠡᠶ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠠᠯᠳᠠᠪᠤᠷᠢᠯᠠᠬᠤ ᠬᠡᠯᠬᠢᠶ᠎ᠡ ᠶᠢ ᠡᠷᠡᠰ ᠲᠡᠰᠦᠯᠵᠦ᠂ ᠬᠢᠵᠢᠭ ᠤᠨ ᠪᠠᠶᠢᠳᠠᠯ ᠭᠠᠳᠠᠭᠰᠢ ᠳᠡᠯᠭᠡᠷᠡᠬᠦ ᠶᠢ ᠰᠡᠷᠭᠡᠶᠢᠯᠡᠬᠦ | ᠬᠡᠷᠡᠭᠲᠡᠶ᠃ ᠲᠤᠰᠠᠭᠠᠷᠯᠠᠬᠤ ᠴᠡᠭ ᠪᠣᠯᠤᠨ ᠠᠪᠤᠷᠠᠨ ᠵᠠᠰᠠᠬᠤ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ | ᠴᠢᠩᠭᠠᠳᠬᠠᠵᠤ᠂ ᠡᠵᠡᠮᠳᠡᠪᠡᠯ ᠵᠤᠬᠢᠬᠤ ᠶᠢ ᠨᠢ ᠪᠦᠬᠦᠨ ᠢ ᠡᠵᠡᠮᠳᠡᠵᠤ᠂ ᠡᠮᠨᠡᠨ ᠵᠠᠰᠠᠪᠡᠯ ᠵᠣᠬᠢᠬᠤ ᠶᠢ ᠨᠢ ᠪᠦᠬᠦᠨ ᠢ | ᠡᠮᠨᠡᠨ ᠵᠠᠰᠠᠬᠤ ᠶᠢ ᠦᠨᠡᠨ ᠬᠦ ᠪᠠᠲᠤᠯᠠᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠪᠠ ᠰᠣᠯᠪᠢᠴᠠᠨ | ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠮ ᠡᠮᠨᠡᠯᠭᠡ ᠪᠠ ᠠᠮᠢᠳᠤᠷᠠᠯ ᠤᠨ ᠡᠳ᠋ ᠪᠣᠳᠠᠰ ᠢ ᠭᠦᠢᠴᠡᠳ | ᠪᠡᠯᠡᠳᠭᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ | ᠦᠢᠯᠡᠳᠦᠯ ᠢ ᠪᠠᠳᠠᠷᠠᠭᠤᠯᠤᠨ᠂ ᠤᠯᠠᠨ ᠲᠦᠮᠡᠨ ᠤ ᠠᠮᠢᠳᠤᠷᠠᠯ ᠪᠠ ᠡᠮ ᠡᠮᠨᠡᠯᠭᠡ ᠶᠢᠨ ᠬᠡᠷᠡᠭᠴᠡᠭᠡ ᠶᠢ ᠰᠠᠶᠢᠲᠤᠷ | ᠪᠠᠲᠤᠯᠠᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠰᠠᠶᠢᠲᠤᠷ | ᠠᠳᠬᠤᠵᠤ᠂ ᠲᠣᠭᠲᠠᠭᠠᠭᠰᠠᠨ ᠬᠠᠷᠠᠯᠲᠠ ᠡᠭᠦᠷᠭᠡ ᠶᠢ ᠡᠷᠬᠡᠪᠰᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ | ᠭᠡᠵᠤ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠬᠤᠷᠠᠯ ᠳᠤ ᠣᠷᠣᠯᠴᠠᠵᠠᠢ᠃ |