6 ᠰᠠᠷ᠎ᠠ ᠶᠢᠨ 2 ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ | ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ | ᠬᠤᠷᠠᠯᠳᠤᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠰᠤᠳᠤᠯᠤᠨ | ᠪᠠᠶᠢᠷᠢᠯᠠᠭᠤᠯᠪᠠ᠃ | ᠸᠠᠩ ᠯᠢ ᠰᠢᠶᠠ᠂ ᠰᠢᠨ᠎ᠡ ᠡᠨᠧᠷᠭᠢ ᠶᠢ ᠶᠡᠭᠡ ᠪᠠᠷ ᠬᠥᠭᠵᠢᠭᠦᠯᠬᠦ ᠪᠣᠯ ᠮᠠᠨ ᠤ ᠣᠷᠣᠨ ᠤ ᠠᠵᠤ ᠦᠢᠯᠡᠰ ᠤᠨ | ᠳᠡᠭᠡᠳᠦ ᠲᠡᠰᠵᠢᠯᠳᠠ᠂ ᠤᠶᠤᠨᠴᠢᠯᠠᠯᠳᠠ᠂ ᠪᠣᠬᠢᠷᠲᠤᠯ ᠦᠭᠡᠶᠢᠵᠢᠯᠳᠠ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ | ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠠᠷᠠᠯᠲᠠ ᠲᠠᠢ ᠪᠠᠷ ᠠᠷᠠᠯᠵᠢᠶᠠᠴᠢᠨ ᠤᠷᠢᠵᠤ | ᠪᠡᠯᠡ ᠮᠥᠩᠭᠦ ᠣᠷᠣᠭᠤᠯᠤᠨ ᠠᠪᠴᠢᠷᠠᠬᠤ᠂ ᠨᠠᠷᠢᠯᠢᠭ ᠣᠨᠣᠴᠠᠲᠠᠢ ᠪᠠᠷ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠥᠷᠢᠯᠡᠬᠦ ᠶᠢ ᠴᠢᠩᠭᠠᠳᠬᠠᠵᠤ᠂ ᠳᠡᠭᠡᠳᠦ ᠲᠤᠤᠷᠠᠳᠤ ᠤᠷᠤᠰᠬᠠᠯ ᠤᠨ ᠠᠵᠤ ᠠᠬᠤᠶᠢᠯᠠᠯ ᠤᠨ ᠬᠠᠮᠵᠢᠯᠴᠠᠨ | ᠬᠠᠮᠲᠤᠷᠠᠯᠴᠠᠬᠤ ᠶᠢ ᠬᠦᠳᠦᠯᠥᠨ ᠳᠠᠭᠠᠭᠤᠯᠵᠤ᠂ ᠢᠵᠢ ᠪᠦᠷᠢᠳᠦᠬᠦᠯᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ | ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ | ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠷᠣᠨ ᠵᠠᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠣᠷᠣᠨ ᠪᠦᠰᠡ ᠠᠯᠤᠰᠯᠠᠨ ᠪᠦᠬᠦ ᠲᠠᠯ᠎ᠠ ᠪᠠᠷ | ᠵᠣᠯᠭᠠᠯᠴᠠᠬᠤ᠂ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠵᠠᠩ ᠱᠤᠤ ᠴᠦᠨ᠂ ᠠᠶ ᠯᠢ ᠬᠤᠸᠠ ᠬᠤᠷᠠᠯ ᠳᠤ ᠣᠷᠣᠯᠴᠠᠵᠠᠶ᠃ |