ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ | ᠂ 6 ᠰᠠᠷ᠎ᠠ ᠶᠢᠨ 6 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠸᠢᠳᠢᠣ᠋ ᠪᠠᠷ ᠬᠤᠯᠪᠤᠭᠳᠠᠬᠤ ᠬᠡᠯᠪᠡᠷᠢ ᠪᠠᠷ ᠡᠷᠢᠶᠡᠨ | ᠬᠤᠳᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠳᠤ ᠲᠠᠬᠢᠨ ᠲᠤᠬᠢᠷᠠᠭᠤᠯᠤᠯᠲᠠ ᠬᠢᠵᠦ᠂ ᠲᠠᠬᠢᠨ | ᠪᠠᠶᠢᠷᠢᠯᠠᠭᠤᠯᠪᠠ᠃ | ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ᠂ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ | ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠡᠷᠬᠡᠪᠰᠢ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠶᠡᠭᠡ ᠴᠡᠷᠢᠭ ᠢᠶᠠᠷ | ᠪᠦᠰᠡᠯᠡᠨ ᠤᠰᠠᠳᠬᠠᠯᠲᠠ ᠬᠢᠵᠦ᠂ ᠲᠦᠷᠭᠡᠨ ᠬᠦᠳᠡᠯᠦᠯᠴᠡᠵᠦ ᠲᠦᠷᠭᠡᠨ ᠲᠠᠷᠬᠠᠨ ᠲᠡᠯᠭᠡᠷᠡᠵᠦ ᠪᠠᠶᠢᠭ᠎ᠠ ᠬᠢᠵᠢᠭ ᠤᠨ | ᠪᠠᠶᠢᠳᠠᠯ ᠢ ᠠᠷᠢᠯᠭᠠᠵᠤ᠂ ︽ᠪᠦᠭᠡᠰᠦᠨ ᠳᠤ ᠬᠢᠲᠤᠭ᠎ᠠ ᠭᠠᠷᠭᠠᠵᠤ︾᠂ ᠬᠢᠵᠢᠭ ᠤᠨ ᠪᠠᠶᠢᠳᠠᠯ ᠤᠨ ᠳᠠᠷᠬᠠᠵᠦ | ᠳᠡᠯᠭᠡᠷᠡᠬᠦ ᠬᠡᠯᠬᠢᠶ᠎ᠡ ᠶᠢ ᠲᠦᠷᠭᠡᠨ ᠲᠠᠰᠤᠯᠬᠤ ᠬᠡᠷᠡᠭᠲᠡᠢ ᠭᠡᠵᠡᠢ᠃ | ᠸᠠᠩ ᠯᠢ ᠰᠢᠶᠠ᠂ ᠪᠥᠭᠡᠮ ᠬᠦᠴᠢᠯ ᠤᠨ ᠪᠠᠶᠢᠴᠠᠭᠠᠯᠲᠠ ᠶᠢ ᠡᠷᠬᠡᠪᠰᠢ ᠪᠣᠳᠠᠲᠠᠶᠢᠵᠢᠭᠤᠯᠵᠤ᠂ ᠤᠯᠠᠨ | ᠲᠦᠮᠡᠨ ᠤ ᠬᠡᠷᠡᠭᠴᠡᠭᠡ ᠶᠢ ᠭᠦᠢᠴᠡᠳ ᠤᠶᠢᠯᠠᠭᠠᠨ ᠦᠪᠡᠷᠮᠢᠴᠡ ᠦᠢᠯᠡᠴᠢᠯᠡᠭᠡ ᠬᠠᠩᠭᠠᠵᠤ᠂ ᠪᠠᠶᠢᠴᠠᠭᠠᠬᠤ | ᠶᠤᠰᠤᠲᠠᠢ ᠶᠢ ᠨᠢ ᠪᠦᠬᠦᠨ ᠢ ᠪᠠᠶᠢᠴᠠᠭᠠᠵᠤ᠂ ᠤᠷᠢᠳ ᠢᠶᠠᠷ ᠬᠤᠯᠢᠮᠠᠭ ᠪᠠᠶᠢᠴᠠᠭᠠᠯᠲᠠ ᠬᠢᠵᠦ ᠳᠠᠷᠠᠭ᠎ᠠ ᠨᠢ ᠭᠠᠭᠴᠠ | ᠬᠦᠮᠦᠨ ᠤ ᠪᠠᠶᠢᠴᠠᠭᠠᠯᠲᠠ ᠬᠢᠵᠦ᠂ ᠠᠪᠤᠭᠰᠠᠨ ᠦᠯᠢᠭᠡᠷ ᠢᠶᠠᠨ ᠲᠠᠷᠤᠢ ᠲᠦᠷᠭᠡᠨ ᠬᠦᠷᠭᠡᠵᠦ᠂ ᠲᠤᠰᠬᠠᠶ ᠬᠥᠮᠦᠨ ᠢᠶᠠᠷ | ᠬᠢᠨᠠᠨ ᠬᠠᠮᠢᠶᠠᠷᠤᠭᠤᠯᠵᠤ᠂ ᠨᠢᠭᠡ ᠠᠷᠭ᠎ᠠ ᠴᠢᠨᠠᠷ ᠢᠯᠡᠷᠡᠪᠡᠯ ᠨᠢᠭᠡ ᠲᠠᠬᠤᠯ ᠡᠪᠡᠳᠴᠢᠨ ᠤ ᠪᠠᠶᠢᠴᠠᠭᠠᠯᠲᠠ ᠬᠢᠵᠦ ᠡᠬᠢ | ᠰᠤᠷᠪᠤᠯᠵᠢ ᠶᠢ ᠮᠦᠷᠳᠡᠨ᠂ ᠨᠢᠭᠡ ᠠᠷᠭ᠎ᠠ ᠴᠢᠨᠠᠷ ᠢᠯᠡᠷᠡᠪᠡᠯ ᠨᠢᠭᠡ ᠪᠢᠲᠡᠭᠦᠮᠵᠢᠯᠡᠭᠰᠡᠨ ᠬᠠᠮᠢᠶᠠᠷᠤᠯᠲᠠ ᠶᠢ | ᠬᠡᠷᠡᠭᠵᠢᠭᠦᠯᠵᠦ᠂ ᠬᠢᠵᠢᠭ ᠤᠨ ᠪᠠᠶᠢᠳᠠᠯ ᠤᠨ ᠳᠠᠷᠬᠠᠨ ᠳᠡᠯᠭᠡᠷᠡᠬᠦ ᠬᠡᠯᠬᠢᠶ᠎ᠡ ᠶᠢ ᠡᠷᠡᠰ ᠲᠠᠰᠤᠯᠬᠤ ᠬᠡᠷᠡᠭᠲᠡᠶ᠃ | ᠲᠤᠰᠠᠭᠠᠷᠯᠠᠨ ᠬᠠᠮᠢᠶᠠᠷᠤᠨ ᠡᠵᠡᠮᠳᠡᠬᠦ ᠶᠢ ᠡᠷᠬᠡᠪᠰᠢ ᠪᠣᠳᠠᠲᠠᠶᠢᠵᠢᠭᠤᠯᠵᠤ᠂ ᠭᠡᠷ ᠪᠠᠶᠢᠰᠢᠩ ᠤᠷᠤᠨ ᠰᠠᠭᠤᠴᠠ ᠶᠢ ᠠᠯᠢ | ᠴᠢᠳᠠᠬᠤ ᠪᠠᠷ ᠡᠷᠢᠨ ᠤᠯᠵᠤ᠂ ᠣᠯᠵᠤ ᠮᠡᠳᠡᠭᠰᠡᠨ ᠨᠢᠭᠲᠠ ᠤᠶᠢᠷᠠᠳᠤᠭᠴᠢ᠂ ᠲᠠᠮ ᠤᠶᠢᠷᠠᠳᠤᠭᠴᠢ ᠶᠢ ᠲᠤᠰᠠᠭᠠᠷᠯᠠᠬᠤ | ᠶᠤᠰᠤᠲᠠᠢ ᠶᠢ ᠨᠢ ᠪᠦᠬᠦᠨ ᠢ ᠲᠤᠰᠠᠭᠠᠷᠯᠠᠬᠤ ᠬᠡᠷᠡᠭᠲᠡᠢ᠃ ᠨᠡᠶᠢᠭᠡᠮ ᠲᠡᠭᠡᠷᠡᠬᠢ ᠬᠠᠮᠢᠶᠠᠷᠤᠯᠲᠠ ᠡᠵᠡᠮᠳᠡᠯ ᠢ ᠡᠷᠬᠡᠪᠰᠢ | ᠪᠣᠳᠠᠲᠠᠶᠢᠵᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠬᠠᠮᠢᠶᠠᠷᠤᠯᠲᠠ ᠪᠠ | ᠦᠢᠯᠡᠴᠢᠯᠡᠭᠡ ᠶᠢ ᠰᠠᠶᠢᠲᠤᠷ ᠬᠢᠵᠦ᠂ ᠪᠢᠲᠡᠭᠦᠮᠵᠢᠯᠡᠨ ᠡᠵᠡᠮᠳᠡᠬᠦ ᠣᠷᠣᠨ ᠳᠤ ᠭᠡᠷ ᠠᠴᠠ ᠪᠠᠨ ᠭᠠᠷᠬᠤ ᠦᠭᠡᠢ᠂ | ᠬᠠᠮᠢᠶᠠᠷᠤᠨ ᠡᠵᠡᠮᠳᠡᠬᠦ ᠣᠷᠣᠨ ᠳᠤ ᠰᠠᠭᠤᠭᠠᠯᠢ ᠠᠷᠠᠳ ᠤᠨ ᠲᠤᠭᠤᠷᠢᠭ ᠠᠴᠠ ᠪᠠᠨ ᠭᠠᠷᠬᠤ ᠦᠭᠡᠢ ᠪᠠᠶᠢᠬᠤ ᠶᠢ | ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠢ᠃ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ | ᠠᠵᠢᠯ ᠢ ᠡᠷᠬᠡᠪᠰᠢ ᠪᠣᠳᠠᠲᠠᠶᠢᠵᠢᠭᠤᠯᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠪᠠ ᠴᠢᠩᠭᠡᠯᠢᠭ ᠡᠮᠨᠡᠯᠭᠡ ᠶᠢᠨ | ᠬᠤᠷᠢᠶ᠎ᠠ ᠶᠢ ᠴᠢᠩᠭ᠎ᠠ ᠠᠩᠬᠠᠷᠴᠤ᠂ ᠲᠤᠰᠬᠠᠶ ᠮᠡᠷᠭᠡᠵᠢᠯᠲᠡᠨ ᠲᠣᠬᠢᠷᠠᠭᠤᠯᠤᠨ ᠲᠤᠬᠠᠶ ᠶᠢᠨ ᠲᠠᠯᠠᠪᠤᠷ ᠲᠤ ᠵᠢᠭᠠᠨ | ᠵᠢᠯᠣᠭᠤᠳᠣᠭᠤᠯᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠡᠭᠦᠰᠭᠦ ᠥᠬᠡᠶ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠠᠷᠢᠭᠤᠳᠬᠠᠨ ᠴᠡᠪᠡᠷᠯᠡᠬᠦ ᠠᠵᠢᠯ ᠢ ᠡᠷᠬᠡᠪᠰᠢ ᠪᠣᠳᠠᠲᠠᠶᠢᠵᠢᠭᠤᠯᠵᠤ᠂ ᠠᠷᠭ᠎ᠠ ᠴᠢᠨᠠᠷᠲᠠᠢ ᠡᠪᠡᠳᠴᠢᠨ ᠤ | ᠵᠢᠱᠢᠶ᠎ᠡ ᠭᠠᠷᠤᠭᠰᠠᠨ ᠣᠷᠣᠨ ᠢ ᠲᠡᠷᠡ ᠲᠠᠷᠤᠢ ᠳᠤᠨᠢ ᠲᠤᠰᠠᠭᠠᠷᠯᠠᠵᠤ᠂ ᠲᠡᠷᠡ ᠲᠠᠷᠤᠢ ᠳᠤᠨᠢ ᠰᠢᠯᠵᠢᠭᠦᠯᠦᠨ | ᠵᠥᠭᠡᠭᠡᠪᠦᠷᠢᠯᠡᠵᠦ᠂ ᠲᠡᠷᠡ ᠲᠠᠷᠤᠢ ᠳᠤᠨᠢ ᠠᠷᠢᠭᠤᠳᠬᠠᠵᠤ᠂ ᠰᠢᠨ᠎ᠡ ᠬᠠᠯᠳᠠᠪᠤᠷᠢᠯᠠᠬᠤ ᠴᠡᠭ ᠡᠭᠦᠰᠭᠦ ᠶᠢ ᠰᠡᠷᠭᠡᠶᠢᠯᠡᠬᠦ | ᠬᠡᠷᠡᠭᠲᠡᠶ᠃ ᠰᠢᠯᠵᠢᠭᠦᠯᠦᠨ ᠵᠥᠭᠡᠭᠡᠪᠦᠷᠢᠯᠡᠬᠦ ᠠᠮᠤᠷ ᠲᠦᠪᠰᠢᠨ ᠢ ᠡᠷᠬᠡᠪᠰᠢ ᠪᠣᠳᠠᠲᠠᠶᠢᠵᠢᠭᠤᠯᠵᠤ᠂ ᠬᠥᠮᠦᠰ ᠢ | ᠰᠢᠯᠵᠢᠭᠦᠯᠦᠨ ᠵᠥᠭᠡᠭᠡᠪᠦᠷᠢᠯᠡᠬᠦ ᠶᠢ ᠨᠠᠷᠢᠨ ᠨᠢᠮᠪᠠᠶ ᠰᠠᠶᠢᠲᠤᠷ ᠬᠢᠵᠦ᠂ ᠰᠢᠯᠵᠢᠭᠦᠯᠦᠨ ᠵᠥᠭᠡᠭᠡᠪᠦᠷᠢᠯᠡᠬᠦ ᠳᠤ | ᠣᠷᠣᠯᠴᠠᠬᠤ ᠬᠥᠮᠦᠰ ᠲᠤ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ | ᠦᠶ᠋ᠯᠡᠴᠢᠯᠡᠭᠡᠨ ᠤ ᠪᠠᠲᠤᠯᠠᠭ᠎ᠠ ᠶᠢ ᠡᠷᠬᠡᠪᠰᠢ ᠪᠣᠳᠠᠲᠠᠶᠢᠵᠢᠭᠤᠯᠵᠤ᠂ ᠡᠷᠢᠶᠡᠨ ᠬᠤᠲᠠ ᠶᠢᠨ ᠤᠯᠤᠰ ᠤᠨ ᠨᠢᠭᠡᠳᠦᠯᠲᠡᠶ | ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠡᠳ᠋ ᠪᠣᠳᠠᠰ ᠤᠨ ᠬᠠᠩᠭᠠᠯᠭ᠎ᠠ ᠭᠦᠢᠴᠡᠳ | ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠢᠯᠠᠩᠭᠤᠶ᠎ᠠ | ᠪᠠᠴᠢᠮ ᠬᠦᠨᠳᠦ ᠡᠪᠡᠳᠴᠢᠲᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠬᠡᠷᠡᠭᠲᠡᠶ᠃ ᠤᠬᠠᠭᠤᠯᠭ᠎ᠠ ᠵᠢᠯᠤᠭᠤᠳᠤᠯᠭ᠎ᠠ ᠶᠢ ᠡᠷᠬᠡᠪᠰᠢ ᠪᠤᠲᠠᠲᠠᠶᠢᠵᠢᠭᠤᠯᠵᠤ᠂ ᠤᠯᠠᠨ ᠲᠦᠮᠡᠨ ᠤ ᠠᠩᠬᠠᠷᠴᠤ | ᠪᠠᠶᠢᠭ᠎ᠠ ᠠᠰᠠᠭᠤᠳᠠᠯ ᠳᠤ ᠵᠥᠪ ᠲᠠᠯ᠎ᠠ ᠠᠴᠠ ᠬᠠᠷᠢᠭᠤᠯᠲᠠ ᠥᠭᠴᠦ᠂ ᠪᠦᠬᠦ ᠨᠡᠶᠢᠭᠡᠮ ᠤᠨ ᠬᠢᠵᠢᠭ ᠤᠨ ᠪᠠᠶᠢᠳᠠᠯ ᠢ | ᠢᠯᠠᠨ ᠳᠠᠪᠠᠭ᠋ᠤ ᠢᠲᠡᠭᠡᠯ ᠵᠣᠷᠢᠭ ᠢ ᠨᠡᠮᠡᠭᠳᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠡᠷᠬᠡᠪᠰᠢ ᠪᠤᠲᠠᠲᠠᠶᠢᠵᠢᠭᠤᠯᠵᠤ᠂ ᠵᠢᠯᠤᠭᠤᠳᠤᠯᠭ᠎ᠠ ᠶᠢ ᠲᠠᠭᠠᠵᠤ᠂ ᠠᠵᠢᠯᠯᠠᠭ᠎ᠠ ᠪᠠᠨ ᠨᠢᠭᠡᠳᠭᠡᠵᠦ᠂ ᠲᠤᠬᠠᠢ ᠶᠢᠨ | ᠡᠳᠦᠷ ᠤᠨ ᠲᠤᠭᠳᠠᠭᠰᠠᠨ ᠶᠠᠪᠤᠳᠠᠯ ᠢ ᠲᠤᠬᠠᠢ ᠶᠢᠨ ᠡᠳᠦᠷ ᠲᠤᠨᠢ ᠡᠷᠬᠡᠪᠰᠢ ᠪᠡᠶᠡᠯᠡᠭᠦᠯᠵᠦ᠂ ᠠᠰᠠᠭᠤᠳᠠᠯ ᠢ | ᠰᠢᠢᠳᠪᠦᠷᠢᠯᠡᠬᠦ ᠦᠭᠡᠢ ᠪᠣᠯ ᠲᠠᠯᠪᠢᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ | ᠦᠭᠡᠢ ᠪᠠᠶᠢᠬᠤ ᠶᠢ ᠪᠡᠶᠡᠯᠡᠭᠦᠯᠵᠦ᠂ ᠨᠢᠭᠡᠨ ᠨᠢᠭᠤᠭᠳᠠᠮᠠᠯ ᠬᠤᠭᠤᠴᠠᠭᠠᠨ ᠳᠤ ᠨᠡᠶᠢᠭᠡᠮ ᠲᠡᠭᠡᠷᠡᠬᠢ ᠡᠪᠡᠳᠴᠢᠨ ᠤ | ᠵᠢᠱᠢᠶ᠎ᠡ ᠶᠢ ᠦᠭᠡᠢ ᠪᠤᠯᠭᠠᠬᠤ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠡᠷᠢᠶᠡᠨ ᠬᠤᠳᠠ ᠳᠤ | ᠬᠤᠷᠠᠯ ᠳᠤ ᠣᠷᠣᠯᠴᠠᠪᠠ᠃ |