ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠠᠮᠤ ᠪᠤᠳᠠᠭᠠᠨ ᠤ ᠠᠮᠤᠷ ᠲᠦᠪᠰᠢᠨ ᠳᠤ ᠬᠤᠯᠪᠣᠭᠳᠠᠭᠰᠠᠨ | ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠠᠰᠢᠭᠯᠠᠨ᠂ ᠪᠥᠬᠦ ᠨᠡᠶᠢᠭᠡᠮ ᠢᠶᠠᠷ ᠢᠶᠠᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠮᠤ ᠪᠤᠳᠠᠭ᠎ᠠ ᠶᠢ ᠬᠠᠶᠢᠷᠠᠯᠠᠵᠤ ᠠᠮᠤ ᠪᠤᠳᠠᠭ᠎ᠠ ᠶᠢ ᠠᠷᠪᠢᠯᠠᠬᠤ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠵᠤ᠂ ᠪᠥᠬᠦ ᠠᠷᠠᠳ ᠤᠨ ᠰᠢᠨᠵᠢᠯᠡᠬᠦ ᠤᠬᠠᠭᠠᠨᠴᠢ ᠪᠠᠷ | ᠠᠮᠤ ᠪᠤᠳᠠᠭ᠎ᠠ ᠨᠥᠭᠡᠴᠡᠯᠡᠬᠦ ᠪᠠ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠪᠠ᠃ | ᠰᠠᠶ᠋ᠢᠬᠠᠨ ᠲᠡᠭᠦᠰᠦᠭᠰᠡᠨ ᠠᠮᠤ ᠪᠤᠳᠠᠭ᠎ᠠ ᠪᠣᠯᠣᠨ ᠡᠳ᠋ ᠪᠣᠳᠠᠰ ᠨᠥᠭᠡᠴᠡᠯᠡᠬᠦ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠲᠤ᠂ ᠬᠢᠩᠭᠠᠨ ᠠᠶᠢᠮᠠᠭ ᠤᠨ ᠬᠢᠨ ᠬᠥᠨᠳᠡᠯᠡᠨ ᠪᠢᠴᠢᠭᠡᠰᠦ ᠡᠯᠭᠦᠬᠦ᠂ | ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠠᠰᠠᠭᠤᠯᠲᠠ ᠶᠢ ᠬᠠᠷᠢᠭᠤᠯᠬᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠨᠡᠭᠡᠭᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠪᠦᠬᠦ | ᠠᠶᠢᠮᠠᠭ ᠤᠨ ᠬᠡᠪᠴᠢᠶᠡᠨ ᠳᠤ ︽ᠠᠮᠤ ᠪᠤᠳᠠᠭ᠎ᠠ ᠠᠷᠪᠢᠯᠠᠬᠤ ᠠᠵᠢᠯᠯᠠᠭ᠎ᠠ ᠶᠢᠨ ᠲᠥᠰᠥᠯ︾ ᠵᠢᠴᠢ ᠠᠮᠤ ᠲᠣᠰᠣ | ᠪᠣᠯᠪᠠᠰᠤᠷᠠᠭᠤᠯᠬᠤ ᠪᠠ ᠶᠠᠰᠤ ᠴᠢᠨᠠᠷ ᠤᠨ ᠠᠮᠤᠷ ᠲᠦᠪᠰᠢᠨ᠂ ᠠᠮᠤ ᠪᠤᠳᠠᠭ᠎ᠠ ᠶᠢ ᠠᠷᠪᠢᠯᠠᠨ ᠭᠠᠮᠨᠠᠵᠤ ᠰᠦᠢᠳᠦᠯ ᠢ | ᠪᠠᠭᠠᠰᠬᠠᠬᠤ᠂ ᠲᠠᠷᠢᠶᠠᠴᠢᠨ ᠡᠷᠦᠬᠡ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠠᠮᠤ ᠳᠤᠰᠤᠨ ᠤ | ᠰᠢᠮ᠎ᠡ ᠲᠡᠵᠢᠭᠡᠯ ᠠᠷᠢᠭᠤᠨ ᠴᠡᠪᠡᠷ ᠢ ᠪᠠᠲᠤᠯᠠᠬᠤ ᠪᠠ ᠰᠢᠨᠵᠢᠯᠡᠬᠦ ᠤᠬᠠᠭᠠᠨᠴᠢ ᠪᠠᠷ ᠬᠡᠷᠡᠭᠯᠡᠭᠡ ᠬᠢᠬᠦ ᠵᠡᠷᠭᠡ ᠮᠡᠳᠡᠯᠭᠡ ᠶᠢ | ᠤᠬᠠᠭᠤᠯᠪᠠ᠃ ᠣᠶᠢᠷ᠎ᠠ ᠶᠢᠨ ᠵᠢᠯ ᠤᠳ ᠲᠤ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠢᠶᠠᠷ ᠠᠵᠠ ᠲᠣᠬᠢᠶᠠᠯ ᠪᠣᠯᠭᠠᠵᠤ᠂ ᠪᠦᠬᠦ ᠣᠷᠣᠨ ᠤ ᠡᠯ᠎ᠡ ᠭᠠᠵᠠᠷ ᠤᠨ ᠬᠢᠨ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠬᠤ᠂ ᠤᠯᠠᠮᠵᠢᠯᠠᠯᠲᠤ ᠪᠠ | ᠰᠢᠨᠡᠴᠢᠯᠡᠯᠲᠡ ᠶᠢ ᠠᠭᠤᠰᠤᠯᠴᠠᠭᠤᠯᠬᠤ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠶᠡᠭᠡ ᠪᠠᠷ ᠤᠬᠠᠭᠤᠯᠵᠤ᠂ ᠠᠮᠤ ᠪᠤᠳᠠᠭ᠎ᠠ ᠦᠢᠯᠡᠳᠪᠦᠷᠢᠯᠡᠬᠦ ᠬᠤᠳᠠᠯᠳᠤᠨ ᠠᠪᠬᠤ ᠬᠠᠳᠠᠭᠠᠯᠠᠬᠤ ᠨᠡᠮᠡᠬᠦ | ᠪᠣᠷᠣᠯᠠᠭᠤᠯᠬᠤ ᠵᠡᠷᠭᠡ ᠡᠯ᠎ᠡ ᠭᠤᠭᠴᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠣᠯᠣᠭᠰᠠᠨ | ᠰᠢᠨ᠎ᠡ ᠦᠷ᠎ᠡ ᠪᠦᠲᠦᠭᠡᠯ ᠢ ᠥᠷᠭᠡᠨ ᠢᠶᠠᠷ ᠤᠬᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ | ᠰᠣᠯᠪᠢᠯᠴᠠᠭᠤᠯᠤᠨ ᠠᠭᠤᠰᠤᠯᠴᠠᠭᠤᠯᠬᠤ᠂ ᠪᠣᠳᠠᠲᠠᠢ ᠳᠤ ᠨᠠᠶᠢᠳᠠᠪᠤᠷᠢᠵᠢᠭᠤᠯᠤᠨ ᠤᠯᠠᠷᠢᠭᠤᠯᠬᠤ ᠶᠢ ᠠᠬᠢᠭᠤᠯᠪᠠ᠃ | ᠣᠯᠠᠨ ᠵᠢᠯ ᠤᠨ ᠲᠤᠷᠰᠢ᠂ ᠪᠥᠬᠦ ᠣᠷᠣᠨ ᠤ ᠡᠯ᠎ᠡ ᠭᠠᠵᠠᠷ ᠤᠨ ᠬᠢᠨ ᠠᠮᠤ ᠪᠤᠳᠠᠭᠠᠨ ᠤ ᠠᠮᠤᠷ ᠲᠦᠪᠰᠢᠨ ᠳᠤ | ᠬᠤᠯᠪᠣᠭᠳᠠᠭᠰᠠᠨ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠰᠠᠶᠢᠨ | ᠰᠠᠶᠢᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠲᠠᠰᠤᠷᠠᠯᠲᠠ ᠦᠭᠡᠢ ᠪᠣᠶ ᠪᠣᠯᠭᠠᠵᠤ᠂ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠠᠮᠤ ᠪᠤᠳᠠᠭ᠎ᠠ ᠶᠢ ᠬᠥᠭᠵᠢᠭᠦᠯᠬᠦ︾ ︽ᠠᠮᠤ ᠪᠤᠳᠠᠭ᠎ᠠ ᠶᠢ ᠠᠷᠪᠢᠯᠠᠵᠤ | ᠰᠦᠢᠳᠦᠯ ᠢ ᠪᠠᠭᠠᠰᠬᠠᠬᠤ︾ ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ | ᠬᠠᠳᠠᠩᠰᠢᠭᠤᠯᠬᠤ ᠶᠢ ᠠᠬᠢᠭᠤᠯᠵᠤ᠂ ᠠᠮᠤ ᠪᠤᠳᠠᠭ᠎ᠠ ᠶᠢ ᠬᠠᠶᠢᠷᠠᠯᠠᠬᠤ᠂ ᠪᠦᠷᠢᠯᠭᠡᠨ ᠰᠦᠢᠳᠬᠡᠬᠦ ᠶᠢ ᠬᠤᠷᠢᠭᠯᠠᠬᠤ | ᠨᠡᠶᠢᠭᠡᠮ ᠤᠨ ᠬᠡᠪ ᠰᠤᠷᠲᠠᠯ ᠢ ᠴᠢᠷᠮᠠᠶᠢᠨ ᠪᠣᠶ ᠪᠣᠯᠭᠠᠵᠤ ᠪᠠᠶᠢᠨ᠎ᠠ᠃ ᠡᠭᠦᠨ ᠤ ᠬᠠᠮᠲᠤ᠂ ᠮᠠᠨ ᠤ ᠣᠷᠣᠨ ᠪᠠᠰᠠ | ᠪᠣᠳᠠᠲᠠᠢ ᠲᠠᠢ ᠤᠶᠠᠯᠳᠤᠭᠤᠯᠤᠨ᠂ ᠴᠢᠨᠠᠷ ᠰᠠᠶᠢᠲᠠᠢ ᠠᠮᠤ ᠲᠣᠰᠣ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ | ᠪᠦᠯᠢ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠴᠡᠷᠢᠭ ᠤᠨ | ᠬᠤᠸᠠᠷᠠᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠴᠠᠭ ᠲᠤ ᠨᠢ ᠲᠣᠬᠢᠷᠠᠭᠤᠯᠤᠨ ᠵᠣᠬᠢᠶᠠᠨ ᠪᠠᠶᠢᠭᠤᠯᠤᠨ | ᠥᠷᠨᠢᠭᠦᠯᠪᠡ᠃ ︽ᠭᠤᠷᠪᠠ ᠶᠢ ᠵᠣᠯᠭᠠᠭᠤᠯᠬᠤ︾ ᠠᠵᠢᠯᠯᠠᠭ᠎ᠠ ᠶᠢ ᠢᠳᠡᠪᠬᠢᠲᠡᠢ ᠪᠠᠷ ᠠᠬᠢᠭᠤᠯᠵᠤ᠂ ᠵᠠᠰᠠᠭ ᠤᠨ | ᠣᠷᠳᠣᠨ ᠠᠴᠠ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠣᠯᠭᠠᠬᠤ᠂ ᠠᠵᠤ ᠠᠬᠤᠶᠢᠴᠢᠯᠠᠨ | ᠠᠵᠢᠯᠯᠠᠭᠤᠯᠬᠤ ᠠᠮᠤ ᠪᠤᠳᠠᠭᠠᠨ ᠤ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂ ᠬᠤᠯᠪᠣᠭᠠᠯᠠᠨ ᠪᠣᠭᠤᠮᠲᠠ ᠰᠢᠪᠲᠤᠯᠬᠤ ᠶᠢ | ᠵᠣᠷᠢᠭᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠢᠨᠵᠧᠨᠧᠷᠢᠩ ᠪᠣᠯᠭᠠᠬᠤ᠂ | ᠪᠦᠲᠦᠭᠡᠭᠳᠡᠬᠦᠨ ᠪᠣᠯᠭᠠᠬᠤ ᠶᠢ ᠠᠬᠢᠭᠤᠯᠪᠠ᠃ | ᠮᠠᠨ ᠤ ᠣᠷᠣᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢᠨᠵᠢᠯᠡᠬᠦ ᠤᠬᠠᠭᠠᠨᠴᠢ ᠪᠠᠷ ᠦᠢᠯᠡᠳᠪᠦᠷᠢᠯᠡᠬᠦ ᠪᠠ | ᠡᠷᠡᠭᠦᠯᠵᠢᠯ ᠤᠨ ᠬᠡᠷᠡᠭᠯᠡᠭᠡᠨ ᠤ ᠣᠨᠣᠯᠵᠢᠬᠤᠨ ᠢ ᠤᠯᠠᠮᠵᠢᠯᠠᠵᠤ᠂ ᠪᠦᠬᠦ ᠨᠡᠶᠢᠭᠡᠮ ᠢᠶᠠᠷ ᠢᠶᠠᠨ ᠠᠮᠤ ᠪᠤᠳᠠᠭᠠᠨ ᠤ ᠠᠮᠤᠷ | ᠲᠦᠪᠰᠢᠨ ᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠤᠨ᠎ᠠ᠃ ᠪᠠᠰᠠ ᠠᠮᠤ | ᠪᠤᠳᠠᠭᠠᠨ ᠤ ᠶᠠᠰᠤ ᠴᠢᠨᠠᠷ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠤ ᠪᠤᠳᠠᠭᠠᠨ ᠤ ᠠᠵᠤ | ᠦᠢᠯᠡᠰ ᠤᠨ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠵᠦ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ | ᠬᠦᠷᠲᠡᠯᠡᠬᠢ ᠮᠥᠬᠦᠯᠢᠭ ᠠᠮᠤ ᠪᠦᠷᠢ ᠶᠢ ᠬᠠᠶᠢᠷᠠᠯᠠᠨ ᠬᠠᠮᠠᠭᠠᠯᠠᠵᠤ᠂ ᠲᠠᠷᠢᠶᠠᠯᠠᠭᠴᠢᠳ ᠲᠤ ᠦᠨᠡᠨ ᠬᠦ ᠠᠰᠢᠭ | ᠬᠦᠷᠲᠡᠭᠡᠵᠦ᠂ ᠬᠡᠷᠡᠭᠯᠡᠭᠴᠢᠳ ᠲᠤ ᠪᠤᠶᠠᠨ ᠦᠢᠯᠡᠳᠴᠦ᠂ ᠠᠵᠢᠯ ᠦᠢᠯᠡᠰ ᠡᠷᠬᠢᠯᠡᠭᠰᠡᠳ ᠢ ᠲᠡᠳᠬᠦᠨ ᠳᠡᠮᠵᠢᠵᠦ᠂ | ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠳᠤ ᠬᠠᠮᠲᠤ ᠪᠠᠷ ᠰᠢᠨ᠎ᠡ ᠬᠤᠪᠢ ᠨᠡᠮᠡᠷᠢ ᠦᠵᠡᠭᠦᠯᠵᠦ ᠪᠠᠶᠢᠨ᠎ᠠ᠃ | |