ᠸᠠᠩ ᠯᠢ ᠰᠢᠶᠠ ᠤᠯᠠᠭᠠᠨᠬᠠᠳᠠ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠸᠢᠳᠢᠣ᠋ ᠪᠠᠷ ᠲᠣᠬᠢᠷᠠᠭᠤᠯᠤᠯᠳᠠ ᠬᠢᠪᠡ
ᠨᠡᠶᠢᠲᠡᠯᠡᠭᠰᠡᠨ ᠴᠠᠭ᠄
2022/6/8
      6 ᠰᠠᠷ᠎ᠠ ᠶᠢᠨ 7 ᠤ ᠤᠷᠤᠢ᠂ ᠡᠷᠢᠶᠡᠨ ᠬᠤᠳᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠸᠢᠳᠢᠣ᠋ ᠪᠠᠷ ᠬᠤᠯᠪᠤᠭᠳᠠᠬᠤ ᠬᠡᠯᠪᠡᠷᠢ ᠪᠠᠷ ᠤᠯᠠᠭᠠᠨᠬᠠᠳᠠ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠬᠢᠷᠠᠭᠤᠯᠤᠯᠳᠠ ᠬᠢᠵᠦ ᠪᠠᠶᠢᠷᠢᠯᠠᠭᠤᠯᠪᠠ᠃      ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠨ᠎ᠠ᠂ ᠤᠯᠠᠭᠠᠨᠬᠠᠳᠠ ᠬᠤᠲᠠ ᠶᠢᠨ ᠬᠢᠨ ᠶᠠᠭᠠᠬᠢᠭᠰᠠᠨ ᠴᠤ ᠬᠦᠩᠭᠡᠨ ᠬᠠᠭᠤᠮᠠᠭᠠᠢ ᠬᠠᠨᠳᠤᠵᠤ ᠪᠣᠯᠬᠤ ᠥᠬᠡᠶ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠮᠤᠭ ᠤᠨ ᠲᠦᠷᠭᠡᠨ ᠬᠤᠷᠳᠤᠴᠠ᠂ ᠬᠠᠮᠤᠭ ᠤᠨ ᠪᠠᠭ᠎ᠠ ᠦᠷᠡᠭᠳᠡᠯ ᠢᠶᠠᠷ ᠲᠠᠷᠬᠠᠨ ᠲᠡᠯᠭᠡᠷᠡᠬᠦ ᠬᠡᠯᠬᠢᠶ᠎ᠡ ᠶᠢ ᠡᠷᠡᠰ ᠲᠠᠰᠤᠯᠬᠤ ᠬᠡᠷᠡᠭᠲᠡᠶ ᠭᠡᠪᠡ᠃      ᠸᠠᠩ ᠯᠢ ᠰᠢᠶᠠ᠂ ᠵᠠᠮ ᠮᠦᠷ ᠢᠶᠠᠷ ᠨᠢ ᠬᠠᠶᠢᠵᠤ ᠤᠶᠢᠷᠠᠳᠤᠭᠴᠢ ᠶᠢ ᠡᠷᠢᠬᠦ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠠᠯᠠᠪᠤᠷ ᠢ ᠲᠤᠪᠤᠶᠢᠯᠭᠠᠨ᠂ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠶᠢᠨ ᠵᠠᠮ ᠮᠥᠷ ᠢ ᠦᠨᠳᠦᠰᠦᠯᠡᠨ ᠪᠦᠬᠦ ᠲᠠᠯ᠎ᠠ ᠪᠠᠷ ᠲᠦᠢᠯᠪᠤᠷᠢᠲᠠᠢ ᠵᠢᠭᠰᠠᠭᠠᠨ ᠪᠠᠶᠢᠴᠠᠭᠠᠵᠤ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠪᠤᠢ ᠪᠦᠬᠦᠢ ᠨᠢᠭᠲᠠ ᠤᠶᠢᠷᠠᠳᠤᠭᠴᠢ ᠪᠠ ᠳᠠᠮ ᠤᠶᠢᠷᠠᠳᠤᠭᠴᠢ ᠶᠢ ᠲᠦᠷᠭᠡᠨ ᠡᠷᠢᠵᠦ ᠤᠯᠬᠤ ᠬᠡᠷᠡᠭᠲᠡᠢ᠃ ᠲᠤᠰᠠᠭᠠᠷᠯᠠᠬᠤ ᠶᠤᠰᠤᠳᠠᠢ ᠶᠢ ᠨᠢ ᠪᠦᠬᠦᠨ ᠢ ᠲᠤᠰᠠᠭᠠᠷᠯᠠᠬᠤ ᠶᠢ ᠡᠷᠡᠰ ᠪᠡᠶᠡᠯᠡᠭᠦᠯᠵᠦ᠂ ᠲᠤᠰᠠᠭᠠᠷᠯᠠᠬᠤ ᠲᠠᠯᠠᠪᠤᠷ ᠭᠠᠵᠠᠷ ᠢ ᠠᠯᠢ ᠲᠦᠷᠭᠡᠨ ᠢᠶᠠᠷ ᠭᠦᠢᠴᠡᠳ ᠪᠡᠯᠡᠳᠭᠡᠵᠦ᠂ ᠨᠢᠭᠲᠠ ᠤᠶᠢᠷᠠᠳᠤᠭᠴᠢ ᠪᠠ ᠳᠠᠮ ᠤᠶᠢᠷᠠᠳᠤᠭᠴᠢ ᠶᠢ ᠪᠦᠬᠦᠨ ᠢ ᠲᠤᠰᠠᠭᠠᠷᠯᠠᠬᠤ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠲᠠ ᠶᠢ ᠲᠦᠷᠭᠡᠨ ᠥᠷᠨᠢᠭᠦᠯᠵᠦ᠂ ᠨᠢᠭᠤᠭᠳᠠᠵᠤ ᠪᠠᠶᠢᠭ᠎ᠠ ᠬᠠᠯᠳᠠᠪᠤᠷᠢᠯᠠᠭᠰᠠᠳ ᠢ ᠡᠷᠲᠡᠬᠡᠨ ᠢᠯᠡᠷᠡᠭᠦᠯᠬᠦ ᠬᠡᠷᠡᠭᠲᠡᠶ᠃ ᠵᠣᠬᠢᠴᠠᠭᠤᠯᠤᠨ ᠬᠤᠯᠪᠣᠭᠠᠯᠠᠵᠤ᠂ ᠨᠢᠭᠲᠠ ᠤᠶᠢᠷᠠᠳᠤᠭᠴᠢ ᠪᠠ ᠳᠠᠮ ᠤᠶᠢᠷᠠᠳᠤᠭᠴᠢ ᠶᠢᠨ ᠵᠠᠮ ᠮᠥᠷ ᠢ ᠦᠨᠳᠦᠰᠦᠯᠡᠨ ᠬᠠᠮᠵᠢᠯᠴᠠᠨ ᠪᠠᠶᠢᠴᠠᠭᠠᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠦᠷᠪᠢᠰᠦᠨ ᠳᠡᠯᠭᠡᠷᠡᠬᠦ ᠪᠠ ᠭᠠᠳᠠᠭᠰᠢ ᠬᠠᠯᠳᠠᠪᠤᠷᠢᠯᠠᠬᠤ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ ᠭᠡᠵᠠᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号