ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠲᠠᠢ ᠵᠥᠪᠳᠡᠯᠴᠡᠭᠡ ᠬᠢᠪᠡ ᠸᠠᠩ ᠯᠢ ᠰᠢᠶᠠ ᠬᠤᠷᠠᠯ ᠢ ᠡᠷᠬᠢᠯᠡᠵᠦ ᠯᠢ ᠪᠢᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2022/6/9
      6 ᠰᠠᠷ᠎ᠠ ᠶᠢᠨ 7 ᠤ ᠤᠷᠤᠢ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠡᠷᠢᠶᠡᠨ ᠬᠤᠳᠠ ᠳᠤ ᠥᠪᠡᠷᠲᠡᠭᠡᠨ ᠵᠠᠰᠠᠬᠤ ᠣᠷᠣᠨ ᠤ ᠬᠢᠨ ᠲᠠᠢ ᠵᠥᠪᠳᠡᠯᠴᠡᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠪᠢᠨ᠂ ᠨᠡᠶᠢᠭᠡᠮ ᠲᠣᠭᠤᠷᠢᠭ ᠤᠨ ᠲᠠᠷᠬᠠᠵᠦ ᠲᠡᠯᠭᠡᠷᠡᠬᠦ ᠬᠡᠯᠬᠢᠶ᠎ᠡ ᠶᠢ ᠲᠠᠰᠤᠯᠬᠤ ᠪᠣᠯ ᠣᠳᠣᠬᠠᠨ ᠤ ᠬᠠᠮᠤᠭ ᠤᠨ ᠲᠤᠯᠭᠠᠮ ᠡᠭᠦᠷᠭᠡ ᠮᠥᠨ᠂ ︽ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ︾ ᠶᠡᠷᠦᠩᠬᠡᠶ ᠴᠢᠭᠯᠡᠯᠲᠡ ᠶᠢ ᠭᠤᠶᠢᠪᠢᠰᠢ ᠥᠬᠡᠶ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠩ ᠰᠢᠨᠵᠢᠯᠡᠬᠦ ᠤᠬᠠᠭᠠᠨᠴᠢ᠂ ᠣᠨᠣᠪᠴᠢᠲᠠᠶ᠂ ᠪᠦᠲᠦᠮᠵᠢᠲᠡᠶ ᠠᠬᠢᠭᠤᠯᠵᠤ᠂ ᠰᠢᠨ᠎ᠡ ᠪᠠᠷ ᠡᠭᠦᠰᠦᠭᠰᠡᠨ ᠨᠡᠶᠢᠭᠡᠮ ᠲᠡᠭᠡᠷᠡᠬᠢ ᠬᠢᠵᠢᠭ ᠤᠨ ᠪᠠᠶᠢᠳᠠᠯ ᠳᠤ ᠴᠤᠬᠤᠶᠢᠮᠠᠭᠴᠠ ᠴᠣᠬᠢᠯᠲᠠ ᠥᠭᠬᠦ᠂ ᠲᠦᠷᠭᠡᠨ ᠬᠦᠳᠡᠯᠦᠯᠴᠡᠵᠦ ᠲᠦᠷᠭᠡᠨ ᠲᠠᠷᠬᠠᠨ ᠲᠡᠯᠭᠡᠷᠡᠵᠦ ᠪᠠᠶᠢᠭ᠎ᠠ ᠬᠢᠵᠢᠭ ᠤᠨ ᠪᠠᠶᠢᠳᠠᠯ ᠢ ᠠᠷᠢᠯᠭᠠᠬᠤ᠂ ᠬᠤᠯᠪᠤᠭᠠᠯᠠᠨ ᠠᠬᠢᠭᠤᠯᠬᠤ ᠶᠢ ᠪᠠᠷᠢᠮᠳᠠᠯᠠᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠳᠠᠪᠤᠷᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠠᠶᠤᠯ ᠲᠦᠭᠰᠢᠭᠦᠷᠢᠲᠡᠶ ᠬᠥᠮᠦᠰ ᠢ ᠴᠠᠭ ᠲᠤᠬᠠᠶ ᠳᠤᠨᠢ ᠲᠤᠰᠠᠭᠠᠷᠯᠠᠨ ᠰᠢᠯᠵᠢᠭᠦᠯᠦᠨ ᠵᠦᠭᠡᠭᠡᠪᠦᠷᠢᠯᠡᠵᠦ᠂ ᠲᠦᠭᠵᠢᠷᠡᠯ ᠢ ᠨᠡᠪᠳᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠠᠬᠢᠭᠤᠯᠵᠤ᠂ ᠸᠢᠷᠦ᠋ᠰ ᠤᠨ ᠲᠠᠷᠬᠠᠨ ᠲᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠨᠡᠮᠡᠭᠳᠡᠯ ᠢ ᠲᠤᠭᠳᠠᠭᠤᠨ ᠪᠠᠶᠢᠯᠭᠠᠬᠤ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠰᠡᠷᠭᠡᠶᠢᠯᠡᠨ ᠡᠵᠡᠮᠳᠡᠬᠦ ᠴᠤᠩᠬᠤᠪᠴᠢ ᠬᠤᠭᠤᠴᠠᠭᠠᠨ ᠳᠤ ᠡᠷᠡᠰ ᠰᠢᠭᠤᠷᠬᠠᠢ ᠠᠵᠢᠯᠯᠠᠭ᠎ᠠ ᠠᠪᠴᠤ ᠬᠢᠵᠢᠭ ᠤᠨ ᠪᠠᠶᠢᠳᠠᠯ ᠤᠨ ᠦᠷᠪᠢᠰᠦᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃      ᠸᠠᠩ ᠯᠢ ᠰᠢᠶᠠ᠂ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠵᠠᠩᠭᠢᠯᠠᠭ᠎ᠠ ᠶᠢᠨ ᠦᠶ᠎ᠡ ᠳᠤ᠂ ᠤᠯᠤᠰ ᠤᠨ ᠠᠵᠢᠯᠯᠠᠬᠤ ᠳᠤᠭᠤᠶᠢᠯᠠᠩ ᠮᠠᠨ ᠤ ᠣᠷᠣᠨ ᠳᠤ ᠢᠷᠡᠵᠤ ᠠᠵᠢᠯ ᠵᠢᠯᠣᠭᠤᠳᠴᠤ ᠪᠠᠶᠢᠭ᠎ᠠ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠭᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠠᠵᠢᠯ ᠤᠨ ᠲᠤᠬᠢᠷᠠᠭᠤᠯᠤᠯᠳᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠰᠡᠳᠭᠢᠯᠭᠡ᠂ ᠲᠤᠯᠭᠠᠮ ᠪᠤᠳᠤᠯ᠂ ᠡᠭᠦᠷᠭᠡᠲᠦ ᠪᠤᠳᠤᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠡᠭᠦᠷᠭᠡ ᠪᠠ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠬᠠᠷᠢᠭᠤ ᠮᠡᠳᠡᠭᠦᠯᠵᠦ᠂ ᠪᠢᠲᠡᠭᠦᠮᠵᠢᠯᠡᠭᠰᠡᠨ ᠬᠠᠮᠢᠶᠠᠷᠤᠯᠲᠠ ᠪᠠᠨ ᠴᠢᠩᠭᠠᠳᠬᠠᠵᠤ᠂ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠡᠭᠦᠷᠭᠡ ᠪᠠᠨ ᠪᠡᠶᠡᠯᠡᠭᠦᠯᠬᠦ ᠤᠬᠠᠮᠰᠠᠷ ᠢᠶᠠᠨ ᠴᠢᠩᠭᠠᠳᠬᠠᠵᠤ᠂ ᠴᠢᠩᠭ᠎ᠠ ᠪᠣᠳᠠᠲᠠᠢ ᠰᠤᠷᠲᠠᠯ ᠢᠶᠠᠨ ᠪᠠᠲᠤᠯᠠᠵᠤ᠂ ᠦᠷᠭᠦᠯᠵᠢᠯᠡᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠨᠡᠶᠢᠭᠡᠮ ᠲᠡᠭᠡᠷᠡᠬᠢ ᠡᠪᠡᠳᠴᠢᠨ ᠤ ᠵᠢᠱᠢᠶ᠎ᠡ ᠶᠢ ᠠᠷᠢᠯᠭᠠᠬᠤ ᠬᠠᠷᠠᠯᠲᠠ ᠶᠢ ᠡᠷᠲᠡᠬᠡᠨ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ᠂ ᠰᠦᠨᠦᠭᠡᠯᠲᠡ ᠶᠢᠨ ᠲᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠬᠤᠷᠠᠯ ᠳᠤ ᠣᠷᠣᠯᠴᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠬᠠᠷᠢᠭᠤ ᠮᠡᠳᠡᠭᠦᠯᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠤᠨ ᠬᠡᠰᠡᠭ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠢᠯᠢ ᠶᠢᠨ ᠭᠤᠤᠯ ᠠᠶᠢᠮᠠᠭ᠂ ᠡᠷᠢᠶᠡᠨ ᠬᠤᠲᠠ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号