ᠸᠠᠩ ᠯᠢ ᠰᠢᠶᠠ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/9
      6 ᠰᠠᠷ᠎ᠠ ᠶᠢᠨ 8 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠷᠢᠶᠡᠨ ᠬᠤᠳᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠠᠢ ᠬᠤᠯᠪᠣᠭᠳᠠᠯ ᠪᠦᠬᠦᠢ ᠪᠠᠶᠢᠳᠠᠯ ᠢ ᠵᠣᠯᠭᠠᠭᠤᠯᠵᠤ᠂ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃      ᠸᠠᠩ ᠯᠢ ᠰᠢᠶᠠ᠂ ᠣᠳᠣᠬᠠᠨ ᠳᠤ᠂ ᠡᠷᠢᠶᠡᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠠᠷᠢᠯᠭᠠᠬᠤ ᠤᠬᠠᠮᠰᠠᠷ ᠢ ᠪᠤᠢ ᠪᠣᠯᠭᠠᠵᠤ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠲᠠᠷᠬᠠᠵᠦ ᠲᠡᠯᠭᠡᠷᠡᠬᠦ ᠬᠡᠯᠬᠢᠶ᠎ᠡ ᠶᠢ ᠲᠦᠷᠭᠡᠨ ᠲᠠᠰᠤᠯᠬᠤ ᠬᠡᠷᠡᠭᠲᠡᠢ ᠭᠡᠵᠡᠢ᠃      ᠸᠠᠩ ᠯᠢ ᠰᠢᠶᠠ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠬᠤᠷᠳᠤᠴᠠ ᠶᠢ ᠲᠦᠷᠭᠡᠳᠭᠡᠵᠦ᠂ ᠦᠯᠢᠭᠡᠷ ᠠᠪᠬᠤ᠂ ᠬᠦᠷᠭᠡᠬᠦ᠂ ᠪᠠᠶᠢᠴᠠᠭᠠᠬᠤ᠂ ᠮᠡᠳᠡᠭᠦᠯᠬᠦ᠂ ᠲᠡᠮᠳᠡᠭᠯᠡᠬᠦ᠂ ᠬᠠᠮᠢᠶᠠᠷᠬᠤ᠂ ᠵᠥᠭᠡᠭᠡᠪᠦᠷᠢᠯᠡᠬᠦ ᠶᠢ ᠨᠢᠭᠡ ᠴᠤᠬᠴᠠᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ᠬᠤᠯᠪᠤᠭᠠᠯᠠᠨ ᠠᠬᠢᠭᠤᠯᠬᠤ ᠬᠡᠷᠡᠭᠲᠡᠢ᠃ ᠲᠠᠬᠤᠯ ᠡᠪᠡᠳᠴᠢᠨ ᠤ ᠪᠠᠶᠢᠴᠠᠭᠠᠯᠲᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠮᠤᠭ ᠤᠨ ᠣᠬᠤᠷ ᠬᠤᠭᠤᠴᠠᠭᠠᠨ ᠳᠤ ᠨᠢᠭᠤᠭᠳᠠᠮᠠᠯ ᠬᠠᠯᠳᠠᠪᠤᠷᠢᠯᠠᠭᠴᠢ ᠶᠢ ᠡᠷᠢᠨ ᠭᠠᠷᠭᠠᠵᠤ᠂ ᠠᠷᠭ᠎ᠠ ᠴᠢᠨᠠᠷ ᠢᠯᠡᠷᠡᠭᠰᠡᠨ ᠪᠦᠬᠦᠨ ᠢ ᠳᠠᠷᠤᠶ ᠲᠦᠷᠭᠡᠨ ᠮᠡᠳᠡᠭᠦᠯᠵᠦ᠂ ᠠᠷᠭ᠎ᠠ ᠴᠢᠨᠠᠷ ᠢᠯᠡᠷᠡᠭᠰᠡᠨ ᠪᠦᠬᠦᠨ ᠢ ᠳᠠᠷᠤᠶ ᠲᠦᠷᠭᠡᠨ ᠰᠢᠯᠵᠢᠭᠦᠯᠦᠨ ᠵᠦᠭᠡᠭᠡᠪᠦᠷᠢᠯᠡᠵᠦ᠂ ᠠᠷᠭ᠎ᠠ ᠴᠢᠨᠠᠷ ᠢᠯᠡᠷᠡᠭᠰᠡᠨ ᠪᠦᠬᠦᠨ ᠢ ᠳᠠᠷᠤᠶ ᠲᠦᠷᠭᠡᠨ ᠲᠤᠰᠠᠭᠠᠷᠯᠠᠬᠤ ᠬᠡᠷᠡᠭᠲᠡᠶ᠃ ᠬᠦᠯᠢᠶᠡᠨ ᠠᠪᠴᠤ ᠡᠮᠨᠡᠭᠦᠯᠬᠦ ᠶᠤᠰᠤᠲᠠᠢ ᠶᠢ ᠨᠢ ᠪᠦᠬᠦᠨ ᠢ ᠬᠦᠯᠢᠶᠡᠨ ᠠᠪᠴᠤ ᠡᠮᠨᠡᠭᠦᠯᠵᠦ᠂ ᠵᠢᠭᠰᠠᠭᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠡ ᠶᠢ ᠡᠷᠬᠡᠪᠰᠢ ᠪᠦᠬᠦᠨ ᠢ ᠭᠥᠯᠢᠶᠡᠨ ᠠᠪᠴᠤ ᠡᠮᠨᠡᠭᠦᠯᠵᠦ᠂ ᠨᠢᠭᠡ ᠶᠢ ᠴᠦ ᠣᠷᠬᠢᠭᠳᠠᠭᠤᠯᠬᠤ ᠥᠬᠡᠶ ᠪᠠᠶᠢᠬᠤ ᠬᠡᠷᠡᠭᠲᠡᠶ᠃      ᠲᠤᠰᠠᠭᠠᠷᠯᠠᠬᠤ ᠴᠡᠭ ᠪᠠ ᠲᠣᠭᠲᠠᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠰᠣᠯᠪᠢᠴᠠᠨ ᠬᠠᠯᠳᠠᠪᠤᠷᠢᠯᠠᠬᠤ ᠪᠠ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠯ ᠡᠭᠦᠰᠭᠦ ᠶᠢ ᠡᠷᠡᠰ ᠰᠡᠷᠭᠡᠶᠢᠯᠡᠬᠦ ᠬᠡᠷᠡᠭᠲᠡᠢ᠃ ᠳᠠᠩᠰᠠᠯᠠᠭᠰᠠᠨ ᠠᠰᠠᠭᠤᠳᠠᠯ ᠢ ᠰᠢᠢᠳᠪᠦᠷᠢᠯᠡᠬᠦ ᠤᠬᠠᠮᠰᠠᠷ ᠲᠠᠢ ᠪᠠᠶᠢᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠤᠷᠠᠳᠤᠭᠰᠠᠨ ᠠᠰᠠᠭᠤᠳᠠᠯ ᠢ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ᠂ ᠡᠳᠦᠷ ᠪᠦᠷᠢ ᠰᠢᠢᠳᠪᠦᠷᠢᠯᠡᠵᠦ ᠳᠠᠭᠤᠰᠬᠠᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠲᠣᠭᠲᠠᠭᠠᠭᠰᠠᠨ ᠰᠡᠷᠭᠡᠶᠢᠯᠡᠨ ᠡᠵᠡᠮᠳᠡᠬᠦ ᠵᠦᠭᠯᠡᠭᠦᠷ ᠢᠶᠠᠷ ᠪᠠᠷᠢᠮᠵᠢᠶᠠᠯᠠᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠪᠠᠷᠢᠮᠵᠢᠶ᠎ᠠ ᠪᠠ ᠵᠢᠷᠤᠮᠵᠢᠯ ᠢ ᠪᠦᠬᠦ ᠶᠠᠪᠤᠴᠠ ᠪᠠᠷ ᠲᠡᠭᠦᠯᠳᠡᠷᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠥᠮᠦᠰ ᠤᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠤᠳᠠ ᠶᠢᠨ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠠᠲᠤᠯᠠᠬᠤ ᠬᠡᠷᠡᠭᠲᠡᠢ᠃ ᠬᠢᠯᠢ ᠶᠢᠨ ᠪᠣᠭᠤᠮᠲᠠ ᠶᠢ ᠴᠢᠩᠭ᠎ᠠ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠪᠣᠭᠤᠮᠲᠠ ᠶᠢᠨ ᠬᠡᠪ ᠤᠨ ᠪᠠᠶᠢᠳᠠᠯ ᠢᠶᠠᠷ ᠨᠡᠪᠳᠡᠷᠡᠭᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠪᠢᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠬᠤᠷᠠᠯ ᠳᠤ ᠣᠷᠣᠯᠴᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠤᠨ ᠬᠡᠰᠡᠭ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠢᠯᠢ ᠶᠢᠨ ᠭᠤᠤᠯ ᠠᠶᠢᠮᠠᠭ᠂ ᠡᠷᠢᠶᠡᠨ ᠬᠤᠲᠠ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号