ᠯᠢᠨᠰᠢ ᠰᠢᠶᠠᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ ᠲᠠᠷᠢᠶᠠᠯᠠᠩ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2022/7/10
     ᠯᠢᠨᠰᠢ ᠰᠢᠶᠠᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ ᠲᠠᠷᠢᠶᠠᠯᠠᠩ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ      ᠨᠢᠭᠡ ᠳᠤ ᠰᠣᠶᠣᠯ ᠲᠠᠢ᠂ ᠮᠡᠷᠭᠡᠵᠢᠯ ᠲᠠᠢ᠂ ᠡᠵᠡᠩᠨᠡᠬᠦ ᠳᠡᠭᠡᠨ ᠴᠢᠳᠠᠮᠠᠭᠠᠢ᠂ ᠪᠦᠬᠦ ᠲᠠᠯ᠎ᠠ ᠪᠠᠷ ᠬᠦᠭᠵᠢᠭᠰᠡᠨ᠂ ᠤᠳᠤ ᠦᠶ᠎ᠡ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠡᠩᠨᠡᠭᠡ ᠶᠢ  ᠪᠠᠶᠢᠭᠤᠯᠬᠤ ᠶᠢᠨ ᠲᠥᠯᠥᠭᠡ᠂ ᠮᠠᠨ ᠤ ᠰᠢᠶᠠᠨ 6 ᠡᠳᠦᠷ ᠤᠨ ᠬᠤᠭᠤᠴᠠᠭ᠎ᠠ ᠲᠠᠢ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠤ ᠳᠠᠷᠢᠵᠤ ᠲᠡᠵᠢᠭᠡᠨ ᠦᠷᠡᠵᠢᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠰᠢᠶᠠᠨ ᠤ 9 ᠰᠢᠶᠠᠩ ᠪᠠᠯᠭᠠᠰᠤᠨ ᠤ 90 ᠭᠠᠷᠤᠢ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠶ ᠶᠢᠨ ᠡᠵᠡᠨ᠂ ᠬᠤᠷᠰᠢᠶᠠᠵᠢᠯ ᠤᠨ ᠬᠠᠷᠢᠭᠤᠴᠠᠯᠭᠠᠲᠠᠨ ᠨᠠᠷ ᠪᠣᠯᠪᠠᠰᠤᠷᠠᠯ ᠳᠤ ᠣᠷᠣᠯᠴᠠᠵᠠᠢ᠃      ᠬᠤᠶᠠᠷ ᠲᠤ ᠢᠳᠡᠭᠡᠨ ᠤ ᠠᠶᠤᠯᠭᠦᠢ ᠶᠢᠨ ︽ᠲᠦᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠭᠦᠨᠵᠡᠭᠡᠢ ᠲᠦᠯᠬᠢᠨ ᠠᠬᠢᠭᠤᠯᠬᠤ ᠶᠢᠨ ᠲᠥᠯᠥᠭᠡ᠂ ᠮᠠᠨ ᠤ ᠰᠢᠶᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠪᠣᠯᠪᠠᠰᠤᠷᠠᠯ ᠤᠨ ᠠᠩᠭᠢ  ᠡᠷᠬᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠨᠥᠯᠥᠭᠡᠯᠡᠬᠦ ᠭᠤᠣᠯ ᠡᠯᠧᠮᠧᠨ᠋ᠲ᠂ ᠣᠳᠣᠬᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠣᠷᠣᠰᠢᠵᠤ ᠪᠠᠶᠢᠭ᠎ᠠ ᠲᠣᠪᠣᠶᠢᠮ᠎ᠠ ᠠᠶᠤᠯ ᠲᠦᠭᠰᠢᠭᠦᠷᠢ ᠶᠢᠨ ᠳᠠᠯᠳᠠ ᠭᠡᠮ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠦᠷᠦᠯ ᠲᠡᠮᠳᠡᠭ ᠤᠨ ᠬᠥᠭᠵᠢᠯᠲᠡ ᠶᠢ ᠬᠡᠷᠬᠢᠨ ᠪᠠᠲᠤᠯᠠᠬᠤ ᠵᠡᠷᠭᠡ ᠲᠠᠯ᠎ᠠ ᠪᠠᠷ ᠪᠣᠯᠪᠠᠰᠤᠷᠠᠯ ᠬᠢᠵᠦ᠂ ᠨᠡᠶᠢᠳᠡ 100 ᠭᠠᠷᠤᠢ ᠬᠦᠮᠦᠰ ᠣᠷᠣᠯᠴᠠᠪᠠ᠃  ᠲᠣᠰ ᠣᠳᠠᠭᠠᠨ ᠤ  ᠪᠣᠯᠪᠠᠰᠣᠷᠠᠯ ᠨᠢ ᠣᠷᠣᠯᠴᠠᠭᠰᠠᠳ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠦᠨ᠂ ᠮᠠᠨ ᠤ ᠰᠢᠶᠠᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号