ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠥ ᠣᠳᠣᠬᠠᠨ ᠤ ᠠᠵᠤ ᠠᠬᠤᠶ ᠶᠢᠨ ᠪᠠᠶᠢᠳᠠᠯ ᠪᠣᠯᠤᠨ ᠠᠵᠤ ᠠᠬᠤᠶ ᠶᠢᠨ ᠠᠵᠢᠯ ᠢ ᠵᠠᠳᠠᠯᠤᠨ ᠰᠤᠳᠤᠯᠪᠠ
ᠨᠡᠶᠢᠲᠡᠯᠡᠭᠰᠡᠨ ᠴᠠᠭ᠄
2022/7/11
     ᠰᠦᠨ ᠱᠤᠤ ᠴᠧᠩ ᠬᠤᠷᠠᠯ ᠢ ᠡᠷᠬᠢᠯᠡᠵᠡᠢ      7 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠵᠠᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠬᠤᠷᠠᠯ ᠠᠴᠠ᠂ ᠪᠥᠬᠦ ᠣᠷᠣᠨ ᠤ ᠡᠯ᠎ᠡ ᠱᠠᠲᠤᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠷᠪᠢᠯᠠᠨ ᠭᠠᠮᠨᠠᠬᠤ ᠪᠠ ᠦᠢᠯᠡᠴᠢᠯᠡᠭᠡ ᠶᠢ ᠰᠢᠯᠢᠳᠡᠭᠵᠢᠭᠦᠯᠦᠨ ᠰᠠᠶᠢᠵᠢᠷᠠᠭᠤᠯᠬᠤ ᠠᠵᠢᠯ ᠤᠨ ᠲᠣᠭᠤᠷᠢᠨ ᠳᠤ᠂ ᠨᠠᠷᠢᠨ  ᠵᠦᠢᠯᠡᠰ ᠢ ᠨᠠᠩ ᠴᠢᠬᠤᠯᠠᠴᠢᠯᠠᠵᠤ᠂ ᠬᠠᠮᠢᠶᠠᠷᠴᠦ ᠪᠠᠳᠤᠯᠠᠨ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠠᠴᠠ ᠲᠦᠷᠦᠭᠦᠯᠡᠨ ᠬᠢᠵᠦ᠂ ᠠᠵᠢᠯᠴᠢ ᠠᠷᠪᠢᠴᠢ ᠪᠠᠷ ᠠᠯᠢᠪᠠ ᠦᠢᠯᠡᠰ ᠢ ᠡᠷᠬᠢᠯᠡᠬᠦ ᠬᠡᠷᠡᠭᠲᠡᠢ ᠬᠡᠵᠥ ᠴᠢᠬᠤᠯᠠᠴᠢᠯᠠᠪᠠ᠃      ᠬᠤᠷᠠᠯ ᠠᠴᠠ ᠳᠡᠭᠡᠷ᠎ᠡ ᠬᠠᠭᠠᠰ ᠵᠢᠯ ᠤᠨ ᠪᠦᠬᠦ ᠣᠷᠣᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠮᠠᠨ ᠤ ᠣᠷᠣᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠵᠢᠱᠢᠭᠰᠡᠨ ᠡᠭᠦᠷᠭᠡ ᠪᠠᠨ ᠪᠡᠶᠡᠯᠡᠭᠦᠯᠪᠡ᠃ ᠳᠤᠤᠷ᠎ᠠ ᠬᠠᠭᠠᠰ ᠵᠢᠯ ᠳᠤ ᠬᠡᠳᠦ᠋ᠢᠪᠡᠷ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠭ᠎ᠠ ᠪᠣᠯᠪᠠᠴᠤ ᠠᠰᠢᠭᠲᠠᠶ ᠨᠥᠬᠦᠴᠡᠯ ᠨᠡᠮᠡᠭᠳᠡᠵᠦ ᠪᠤᠢ᠂ ᠣᠷᠣᠨ ᠳᠠᠶᠠᠭᠠᠷ ᠢᠶᠠᠨ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠠᠵᠤ ᠠᠬᠤᠢ ᠶᠢᠨ ᠵᠢᠮ᠎ᠡ ᠶᠣᠰᠣ ᠶᠢ ᠦᠨᠳᠦᠰᠦᠯᠡᠨ ᠳᠤᠲᠠᠭᠤᠳᠠᠯ ᠢᠶᠠᠨ ᠨᠥᠬᠦᠪᠥᠷᠢᠯᠡᠵᠦ᠂ ᠪᠡᠯᠡ ᠣᠷᠣᠭᠤᠯᠤᠯᠲᠠ ᠶᠢ ᠥᠷᠭᠡᠳᠭᠡᠬᠦ᠂ ᠬᠡᠷᠡᠭᠯᠡᠭᠡ ᠶᠢ ᠠᠬᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠪᠣᠳᠠᠲᠠᠢ ᠠᠵᠢᠯ ᠤᠨ ᠲᠥᠰᠦᠯ ᠢ ᠱᠠᠯᠠᠪᠳᠠᠨ ᠲᠣᠭᠲᠠᠭᠠᠵᠤ ᠬᠡᠷᠡᠭᠵᠢᠭᠦᠯᠬᠦ ᠬᠡᠷᠡᠭᠲᠡᠢ᠃ ᠵᠥᠪᠰᠢᠶᠡᠷᠡᠯ ᠬᠦᠯᠢᠶᠡᠵᠦ ᠪᠠᠶᠢᠭ᠎ᠠ ᠲᠥᠷᠥᠯ ᠵᠦᠢᠯ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ᠂ ᠳᠠᠷᠤᠬᠳᠠᠮᠠᠯ ᠪᠡᠯᠡ ᠮᠥᠩᠭᠦ᠂ ᠬᠠᠭᠠᠰ ᠪᠠᠷᠢᠬᠰᠠᠨ ᠪᠠᠷᠢᠯᠭ᠎ᠠ ᠪᠣᠯᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠶᠡᠭᠡ ᠪᠠᠷ ᠪᠠᠶᠢᠳᠠᠯ ᠢ ᠦᠢᠯᠠᠭᠠᠵᠥ᠂ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠬᠢ ᠪᠠᠶᠠᠯᠢᠭ ᠢ ᠠᠮᠢᠳᠤᠯᠢᠭᠵᠢᠭᠤᠯᠤᠨ᠂ ᠦᠷ᠎ᠡ ᠠᠰᠢᠭ ᠢ ᠪᠠᠳᠠᠷᠠᠭᠤᠯᠬᠤ ᠬᠡᠷᠡᠭᠲᠡᠶ᠃ ᠪᠦᠷᠢᠯᠭᠡᠨ ᠰᠦᠢᠳᠭᠡᠬᠦ ᠶᠢ ᠡᠰᠡᠷᠭᠦᠴᠡᠨ᠂ ᠪᠡᠯᠡ ᠣᠷᠣᠭᠤᠯᠤᠯᠲᠠ ᠶᠢᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠲᠣᠭᠲᠠᠭᠠᠵᠤ᠂ ᠡᠬᠢ ᠪᠠᠶᠠᠯᠢᠭ ᠢ ᠠᠷᠪᠢᠯᠠᠨ᠂ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠮᠠᠯ ᠠᠵᠤ ᠠᠬᠤᠶ ᠲᠠᠷᠢᠶᠠᠯᠠᠩ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠤᠭ᠎ᠠ ᠬᠡᠮᠵᠢᠶ᠎ᠡ ᠶᠢ ᠥᠷᠭᠡᠳᠭᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠳᠠ ᠶᠢ ᠨᠡᠮᠡᠭᠳᠡᠭᠦᠯᠬᠦ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠵᠢᠯ ᠣᠯᠭᠤᠯᠲᠠ ᠂ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ ᠪᠠ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠠᠪᠬᠤ ᠵᠡᠷᠭᠡ ᠠᠵᠢᠯ ᠢ ᠲᠣᠪᠤᠶᠢᠮ᠎ᠠ ᠰᠠᠶᠢᠲᠤᠷ ᠠᠳᠬᠤᠬᠤ ᠬᠡᠷᠡᠭᠲᠡᠶ ᠬᠡᠵᠥ ᠵᠢᠭᠠᠵᠥ ᠭᠠᠷᠭᠠᠪᠠ᠃      ᠬᠤᠷᠠᠯ ᠠᠴᠠ ︽ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号