ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠡᠬᠢᠯᠡᠪᠡ ᠴᠢᠤᠢ ᠹᠧᠩ ᠬᠤᠩ ᠬᠦᠦᠳᠠᠭᠤᠯᠠ ᠪᠠᠶᠠᠷ ᠤᠨ ᠦᠬᠡ ᠬᠡᠯᠡᠵᠡᠢ ᠯᠢ ᠷᠦᠩ ᠰᠢ ᠪᠤᠤ ᠰᠢᠶᠠᠨ ᠬᠤᠸᠠ ᠴᠡᠴᠡᠭ ᠤᠷᠤᠯᠴᠠᠪᠠ
ᠨᠡᠶᠢᠲᠡᠯᠡᠭᠰᠡᠨ ᠴᠠᠭ᠄
2022/7/11
     7 ᠰᠠᠷ᠎ᠠ ᠶᠢᠨ 9 ᠤ ᠦᠳᠡ ᠶᠢᠨ ᠡᠮᠤᠨ᠎ᠡ᠂ ᠳᠤᠮᠳᠠᠳᠤ ᠤᠯᠤᠰ ᠤᠨ ᠳᠠᠷᠢᠶᠠᠴᠢᠨ ᠠᠵᠢᠯᠴᠢᠨ ᠤ ᠠᠷᠠᠳᠴᠢᠯᠠᠬᠰᠠᠨ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠢ᠋ᠮᠠᠳᠤᠭᠠᠷ ᠤᠳᠠᠭ᠎ᠠ ᠶᠢᠨ ᠳᠦᠯᠦᠬᠡᠯᠡᠭᠴᠢᠳ ᠤᠨ ᠶᠡᠭᠡ ᠬᠤᠷᠠᠯ ᠬᠦᠬᠡᠬᠤᠳᠠ ᠳᠤ ᠬᠤᠷᠠᠯᠳᠤᠪᠠ᠃      ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠲᠡᠷᠢᠭᠦᠯᠡᠭᠴᠢ ᠴᠢᠦᠢ ᠹᠧᠩ ᠬᠤᠩ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠪᠠᠶᠠᠷ ᠤᠨ ᠦᠭᠡ ᠬᠡᠯᠡᠵᠡᠶ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠮᠦᠨ᠎ᠡ ᠠᠴᠠ ᠪᠠᠶᠠᠷ ᠤᠨ ᠦᠭᠡ ᠬᠡᠯᠡᠵᠦ᠂ ᠯᠢ ᠷᠦᠩ ᠰᠢ᠂ ᠪᠣᠣ ᠰᠢᠶᠠᠨ ᠬᠤᠸᠠ᠂ ᠴᠡᠴᠡᠭ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠴᠢᠦᠢ ᠹᠧᠩ ᠬᠤᠩ ᠰᠢᠨ᠎ᠡ ᠨᠢᠭᠡ ᠬᠤᠭᠤᠴᠠᠭᠠᠨ ᠤ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠥᠷᠥ ᠶᠢᠨ ᠳᠤᠰᠢᠶᠠᠬᠤ ᠪᠠ ᠬᠦᠯᠢᠶᠡᠨ ᠠᠪᠬᠤ ᠠᠵᠢᠯ ᠢᠶᠠᠨ ᠭᠦᠨᠵᠡᠭᠡᠶᠢᠷᠡᠭᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠢᠳᠡᠪᠬᠢᠲᠡᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠭᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃      ᠬᠦᠦᠳᠠᠭᠤᠯᠠ ᠶᠡᠭᠡ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠯ᠎ᠡ ᠵᠦᠢᠯ ᠤᠨ ᠠᠵᠢᠯ᠂ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠦᠢᠯᠡᠴᠢᠯᠡᠭᠡ ᠵᠡᠷᠭᠡ ᠲᠠᠯ᠎ᠠ ᠪᠠᠷ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢ ᠭᠦᠢᠴᠡᠳ ᠨᠤᠲᠠᠯᠠᠪᠠ᠃ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠢᠮᠠᠭᠲᠠ ᠬᠠᠮᠲᠤᠷᠠᠯᠴᠠᠭᠠᠨ ᠤ ᠤᠭ ᠰᠠᠨᠠᠭ᠎ᠠ ᠪᠠᠨ ᠦᠯᠦ ᠮᠠᠷᠲᠠᠵᠤ᠂ ᠰᠡᠳᠬᠢᠯ ᠢ ᠨᠢᠭᠡᠳᠭᠡᠬᠦ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠬᠥᠮᠦᠰ ᠤᠨ ᠰᠡᠳᠭᠢᠯ ᠢ ᠥᠷᠭᠡᠨ ᠢᠶᠠᠷ ᠨᠢᠭᠲᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠮ ᠡᠮᠨᠡᠯᠭᠡ ᠡᠷᠡᠭᠦᠯ ᠬᠠᠮᠠᠭᠠᠯᠠᠯ᠂ ᠬᠥᠮᠦᠨ ᠠᠮᠠ ᠡᠬᠢ ᠪᠠᠶᠠᠯᠢᠭ ᠪᠣᠯᠤᠨ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠣᠳᠣᠬᠢᠴᠢᠯᠠᠭᠰᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠳᠤ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠵᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢ ᠬᠦᠰᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ ᠭᠡᠰᠢᠭᠦᠨ ᠶᠦᠨ ᡁᠢ ᠾᠧᠦ ᠠᠵᠢᠯ ᠤᠨ ᠮᠡᠳᠡᠭᠦᠯᠦᠯᠲᠡ ᠬᠢᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号