ᠨᠢᠭᠡ ᠳᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠴᠠᠭᠳᠠᠭᠠᠨ ᠤ ᠲᠦᠷᠦᠯ ᠤᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ᠂ ᠢᠳᠡᠭᠡᠨ ᠤ ᠵᠦᠢᠯ ᠡᠮ ᠤᠨ | ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢ ᠪᠠᠶᠢᠭᠤᠯᠵᠤ᠂ 3 ᠤᠢ ᠰᠢᠭᠤᠢ ᠶᠢᠨ | ᠲᠣᠮᠢᠯᠠᠭᠰᠠᠨ ᠰᠠᠯᠪᠤᠷᠢ ᠶᠢ ᠣᠷᠣᠨ ᠨᠤᠲᠤᠭ ᠤᠨ ᠲᠣᠮᠢᠯᠠᠭᠰᠠᠨ ᠰᠠᠯᠪᠤᠷᠢ ᠲᠠᠢ ᠨᠡᠶᠢᠯᠡᠭᠦᠯᠪᠡ᠃ | ᠬᠤᠶᠠᠷ ᠲᠤ ︽ᠮᠡᠳᠡᠭᠡ᠂ ᠵᠢᠯᠣᠭᠤᠳᠣᠯᠭ᠎ᠠ᠂ ᠦᠢᠯᠡᠴᠢᠯᠡᠭᠡ᠂ ᠬᠡᠯᠡᠯᠴᠡᠭᠡᠨ︾ ᠤ ᠨᠢᠭᠡ | ᠴᠣᠭᠴᠠᠵᠢᠭᠤᠯᠤᠭᠰᠠᠨ ᠪᠣᠳᠠᠲᠤ ᠪᠠᠶᠢᠯᠳᠤᠭᠠᠨᠴᠢᠯᠠᠭᠰᠠᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽7+1+N︾ ᠠᠵᠢᠯ ᠤᠨ ᠵᠠᠭᠪᠤᠷ ᠢ ᠪᠠᠶᠢᠭᠤᠯᠵᠤ᠂ 9 | ᠵᠦᠢᠯ ᠤᠨ ᠢᠵᠢ ᠪᠦᠷᠢᠳᠦᠭᠦᠯᠬᠦ ᠲᠣᠭᠲᠠᠴᠠ ᠶᠢ ᠲᠣᠭᠲᠠᠭᠠᠵᠤ᠂ ᠲᠣᠭᠲᠠᠭᠤᠨ ᠪᠠᠶᠢᠳᠠᠯ ᠢ ᠬᠠᠮᠠᠭᠠᠯᠠᠨ ᠠᠮᠤᠷ ᠢ | ᠬᠠᠮᠠᠭᠠᠯᠠᠬᠤ᠂ ᠲᠤᠷᠰᠢᠨ ᠪᠠᠶᠢᠴᠠᠭᠠᠵᠤ ᠬᠡᠷᠡᠭ ᠢᠯᠡᠷᠡᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠬᠦᠴᠦᠲᠡᠢ ᠲᠦᠰᠢᠭ ᠲᠤᠯᠭᠠᠭᠤᠷᠢ ᠬᠠᠩᠭᠠᠪᠠ᠃ | ᠭᠤᠷᠪᠠ ᠳᠤ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠱᠡᠭᠡᠷᠲᠦ ᠲᠣᠮᠢᠯᠠᠭᠰᠠᠨ ᠰᠠᠯᠪᠤᠷᠢ ᠶᠢᠨ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠠᠵᠢᠯ | ᠳᠠᠭᠤᠰᠴᠤ᠂ ᠲᠣᠮᠢᠯᠠᠭᠰᠠᠨ ᠰᠠᠯᠪᠤᠷᠢ ᠶᠢᠨ ᠰᠢᠯᠵᠢᠮᠡᠯ ᠴᠠᠭᠳᠠᠭᠠᠨ ᠤ ᠶᠠᠪᠤᠳᠠᠯ ᠤᠨ ᠦᠵᠦᠭᠦᠷ ᠮᠠᠰᠢᠨ ᠤ | ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠭᠡᠵᠦ᠂ ︽ᠰᠢᠤᠸᠠᠢ ᠯᠢᠶᠠᠩ ᠢᠨᠵᠧᠨᠧᠷᠢᠩ︾ ᠤᠨ ᠬᠠᠷᠠᠭᠠᠨ | ᠳᠠᠪᠲᠠᠮᠵᠢ ᠶᠢᠨ ᠬᠢᠨᠠᠨ ᠡᠵᠡᠮᠳᠡᠬᠦ ᠲᠠᠪᠴᠠᠩ ᠢ ᠪᠦᠬᠦᠨ ᠢ ᠲᠣᠮᠢᠯᠠᠭᠰᠠᠨ ᠰᠠᠯᠪᠤᠷᠢ ᠳᠤ ᠵᠠᠯᠭᠠᠨ ᠬᠡᠷᠡᠭᠯᠡᠭᠦᠯᠦᠨ᠎ᠡ᠃ | ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ︽ᠬᠤᠶᠠᠷ ᠠᠩᠭᠢ ᠨᠢᠭᠡ ᠥᠷᠥᠭᠡ︾ ᠶᠢᠨ ᠴᠠᠭᠳᠠᠭᠠᠨ ᠤ | ᠶᠠᠪᠤᠳᠠᠯ ᠤᠨ ᠠᠵᠢᠯᠯᠠᠭᠠᠨ ᠤ ᠵᠠᠭᠪᠤᠷ ᠢ ᠬᠡᠷᠡᠭᠵᠢᠭᠦᠯᠵᠦ᠂ ᠴᠠᠭᠳᠠᠭᠠᠨ ᠤ ᠬᠦᠴᠦᠨ ᠢ ᠳᠠᠬᠢᠨ ᠵᠣᠬᠢᠶᠠᠨ ᠪᠠᠶᠢᠭᠤᠯᠬᠤ᠂ | ᠪᠣᠷᠣ ᠲᠥᠯᠥᠪ ᠢ ᠰᠢᠯᠢᠳᠡᠭᠵᠢᠭᠦᠯᠬᠦ᠂ ᠶᠠᠪᠤᠴᠠ ᠶᠢ ᠳᠠᠬᠢᠨ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠠᠩᠭᠢ | ᠲᠠᠰᠤᠭ ᠤᠨ ᠡᠭᠦᠷᠭᠡ ᠬᠠᠷᠢᠭᠤᠴᠠᠯᠭ᠎ᠠ ᠲᠣᠳᠣᠷᠬᠠᠢ᠂ ᠵᠣᠯᠭᠠᠯᠴᠠᠭ᠎ᠠ ᠨᠢᠭᠲᠠ᠂ ᠠᠵᠢᠯᠯᠠᠭᠠᠨ ᠥᠨᠳᠥᠷ ᠪᠦᠲᠦᠮᠵᠢᠲᠡᠶ | ᠪᠠᠶᠢᠬᠤ ᠶᠢ ᠦᠨᠡᠨ ᠬᠦ ᠪᠠᠲᠤᠯᠠᠵᠤ᠂ ᠬᠤᠲᠠ ᠶᠢᠨ ᠲᠣᠭᠤᠷᠢᠭ ᠤᠨ ᠰᠡᠷᠭᠡᠶᠢᠯᠡᠵᠦ ᠪᠣᠯᠬᠤᠶᠢᠴᠠ ᠬᠡᠷᠡᠭ ᠭᠠᠷᠤᠭᠰᠠᠨ | ᠨᠣᠷᠮ᠎ᠠ ᠠᠳᠠᠯᠢ ᠬᠤᠭᠤᠴᠠᠭᠠᠨ ᠤ ᠬᠢ ᠠᠴᠠ 32% ᠪᠠᠭᠤᠷᠠᠵᠤ᠂ ᠬᠡᠷᠡᠭ ᠢᠯᠡᠷᠡᠭᠦᠯᠦᠭᠰᠡᠨ ᠨᠣᠷᠮ᠎ᠠ ᠠᠳᠠᠯᠢ | ᠬᠤᠭᠤᠴᠠᠭᠠᠨ ᠤ ᠬᠢ ᠠᠴᠠ 13.4% ᠳᠡᠭᠡᠭᠰᠢᠯᠡᠵᠡᠢ᠃ |