ᠯᠢᠨᠰᠢ ᠰᠢᠶᠠᠨ ᠳᠠᠪᠠᠭᠤᠯᠢᠭ ᠠᠵᠤ ᠦᠢᠯᠡᠰ ᠤᠨ ᠬᠦᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2022/7/15
      ᠮᠠᠨ ᠤ ᠰᠢᠶᠠᠨ ᠲᠤᠰ ᠭᠠᠵᠠᠷ ᠤᠨ ᠠᠭᠤᠯᠠᠨ ᠬᠥᠲᠥᠯ ᠤᠯᠠᠨ᠂ ᠮᠠᠰᠢᠨ ᠢᠶᠠᠷ ᠠᠵᠢᠯᠯᠠᠬᠤ ᠳᠤ ᠬᠦᠴᠢᠷ  ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ᠂ ᠡᠯᠳᠡᠪ ᠠᠮᠤ ᠶᠢᠨ ᠠᠵᠤ ᠦᠢᠯᠡᠰ ᠤᠨ ᠲᠥᠪᠯᠡᠷᠡᠩᠭᠦᠢ ᠡᠷᠴᠢᠮᠯᠢᠭ ᠲᠥᠪᠯᠡᠷᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠡᠯᠳᠡᠪ ᠠᠮᠤ ᠶᠢᠨ ᠦᠢᠯᠡᠳᠪᠦᠷᠢᠯᠡᠯ ᠤᠨ ᠪᠦᠬᠦᠨ ᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠢᠳᠡᠪᠬᠢᠲᠡᠢ ᠰᠦᠪᠡᠭᠴᠢᠯᠡᠵᠦ᠂ ︽ᠬᠤᠷᠰᠢᠶᠠᠵᠢᠯ + ᠲᠣᠰᠬᠤᠨ ᠤ ᠬᠠᠮᠲᠤ ᠨᠡᠶᠢᠲᠡ + ᠲᠠᠷᠢᠶᠠᠴᠢᠨ ᠡᠷᠦᠬᠡ︾ ᠶᠢᠨ ᠨᠠᠶᠢᠳᠠᠨ ᠬᠠᠮᠢᠶᠠᠷᠤᠭᠤᠯᠬᠤ ᠵᠠᠭᠪᠤᠷ ᠢ ᠪᠠᠶᠢᠭᠤᠯᠪᠠ᠃ ᠣᠲᠣ ᠶᠢᠨ ᠪᠠᠶᠢᠭ᠎ᠠ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠡᠯᠳᠡᠪ ᠠᠮᠤ ᠳᠠᠷᠢᠬᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠲᠣᠰᠬᠤᠨ ᠤ ᠬᠠᠮᠲᠤ ᠨᠡᠶᠢᠲᠡ ᠲᠠᠢ ᠬᠠᠮᠲᠤᠷᠠᠯᠴᠠᠵᠤ᠂ ᠨᠢᠭᠡᠳᠦᠯᠲᠡᠢ ᠬᠤᠳᠠᠯᠳᠤᠨ ᠠᠪᠴᠤ ᠨᠢᠭᠡᠳᠦᠯᠲᠡᠢ ᠪᠣᠷᠣᠯᠠᠭᠤᠯᠬᠤ᠂ ᠦᠢᠯᠡᠳᠪᠦᠷᠢᠯᠡᠵᠦ ᠳᠠᠷᠢᠬᠤ᠂ ᠡᠳ᠋ᠰᠢᠭᠦᠯᠦᠨ ᠬᠠᠳᠠᠭᠠᠯᠠᠬᠤ ᠪᠥᠬᠦ ᠶᠠᠪᠤᠴᠠ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠰᠢᠨ᠎ᠡ ᠶᠢ ᠡᠭᠦᠳᠪᠡ᠃ ᠮᠠᠨ ᠤ ᠰᠢᠶᠠᠨ ᠤ ᠷᠦᠩ ᠱᠧᠩ ᠳ᠋ᠡ ᠲᠠᠷᠢᠮᠠᠯ ᠤᠨ ᠲᠠᠷᠢᠶᠠᠴᠢᠨ ᠤ ᠲᠤᠰᠬᠠᠢ ᠬᠤᠷᠰᠢᠶᠠᠵᠢᠯ ᠨᠢᠭᠡᠨᠲᠡ ᠲᠤᠬᠠᠢ ᠶᠢᠨ ᠦᠶ᠎ᠡ ᠶᠢᠨ 1 ᠵᠠᠰᠠᠭ ᠵᠠᠬᠢᠷᠭᠠᠨ ᠤ ᠲᠣᠰᠬᠤᠨ ᠤ 198 ᠡᠷᠦᠬᠡ ᠶᠢᠨ 9 ᠮᠢᠩᠭᠠᠨ ᠮᠦ ᠲᠠᠷᠢᠶᠠᠨ ᠭᠠᠵᠠᠷ ᠢ ᠬᠡᠰᠡᠭ ᠲᠠᠯ᠎ᠠ ᠪᠠᠷ ᠨᠠᠶᠢᠳᠠᠨ ᠬᠠᠮᠢᠶᠠᠷᠤᠭᠤᠯᠬᠤ ᠳᠤ ᠣᠷᠣᠯᠴᠠᠵᠤ ᠪᠠᠶᠢᠭᠰᠠᠨ ᠠᠴᠠ ᠪᠠᠨ ᠤᠳᠤ ᠶᠢᠨ 12 ᠵᠠᠰᠠᠭ ᠵᠠᠬᠢᠷᠭᠠᠨ ᠤ ᠲᠣᠰᠬᠤᠨ ᠤ 1892 ᠡᠷᠦᠬᠡ ᠶᠢᠨ 13.8 ᠲᠦᠮᠡᠨ ᠮᠦ ᠲᠠᠷᠢᠶᠠᠨ ᠭᠠᠵᠠᠷ ᠢ ᠪᠦᠬᠦ ᠲᠠᠯ᠎ᠠ ᠪᠠᠷ ᠨᠠᠶᠢᠳᠠᠨ ᠬᠠᠮᠢᠶᠠᠷᠤᠭᠤᠯᠬᠤ ᠪᠣᠯᠤᠭᠰᠠᠨ ᠪᠠᠶᠢᠨ᠎ᠠ᠃ ᠲᠥᠪᠯᠡᠷᠡᠨ ᠵᠠᠯᠭᠠᠯᠳᠤᠭᠰᠠᠨ ᠪᠥᠬᠦ ᠶᠠᠪᠤᠴᠠ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠪᠠᠷ ᠳᠠᠮᠵᠢᠭᠤᠯᠤᠨ᠂ ᠮᠧᠬᠠᠨᠢᠭ ᠢᠶᠠᠷ ᠠᠵᠢᠯᠯᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠠᠷᠪᠢᠯᠠᠭᠰᠠᠨ ᠵᠠᠷᠤᠳᠠᠯ ᠢᠶᠠᠷ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠴᠤ᠂ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠨ᠂ ᠥᠪᠡᠷ ᠤᠨ ᠥᠷᠲᠡᠭ ᠢ ᠠᠷᠪᠢᠯᠠᠬᠤ᠂ ᠬᠡᠪᠴᠢᠶ᠎ᠡ ᠶᠢ ᠥᠷᠭᠡᠳᠬᠡᠬᠦ᠂ ᠴᠢᠳᠠᠪᠤᠷᠢ ᠶᠢ ᠳᠡᠭᠡᠭᠰᠢᠯᠡᠭᠦᠯᠬᠦ ᠰᠠᠶᠢᠨ ᠣᠷᠴᠢᠯ ᠤᠨ ᠵᠠᠭᠪᠤᠷ ᠢ ᠪᠣᠶ ᠪᠣᠯᠭᠠᠪᠠ᠃2021 ᠣᠨ ᠳᠤ ᠬᠤᠷᠰᠢᠶ᠎ᠠ 19 ᠰᠠᠤᠷᠢ ᠲᠠᠷᠢᠶᠠᠯᠠᠩ ᠤᠨ ᠮᠠᠰᠢᠨ ᠬᠤᠳᠠᠯᠳᠤᠨ ᠠᠪᠴᠤ᠂ ᠤᠳᠤ ᠲᠷᠠᠺᠲ᠋ᠣᠷ᠂ ᠬᠤᠷᠢᠶᠠᠬᠤ ᠮᠠᠰᠢᠨ᠂ ᠤᠷᠭᠤᠮᠠᠯ ᠢ ᠬᠠᠮᠠᠭᠠᠯᠠᠬᠤ ᠮᠠᠰᠢᠨ᠂ ᠡᠳ᠋ᠰᠢᠭᠦᠯᠦᠨ ᠪᠣᠯᠪᠠᠰᠤᠷᠠᠭᠤᠯᠬᠤ ᠲᠥᠬᠦᠭᠡᠷᠦᠮᠵᠢ ᠵᠡᠷᠭᠡ 158 ᠰᠠᠤᠷᠢ ᠮᠠᠰᠢᠨ ᠪᠠᠶᠢᠨ᠎ᠠ᠃ 13.8 ᠲᠦᠮᠡᠨ ᠮᠦ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠵᠤ᠂ 6400 ᠮᠦ ᠭᠠᠵᠠᠷ ᠰᠢᠷᠣᠢ ᠶᠢ ᠡᠷᠭᠢᠯᠲᠡ ᠳᠤ ᠣᠷᠣᠭᠤᠯᠵᠤ᠂ 2000 ᠮᠦ ᠣᠷᠭᠠᠨᠢᠭ ᠢᠶᠠᠷ ᠳᠠᠷᠢᠪᠠ᠃ ᠭᠠᠭᠴᠠᠬᠠᠨ ᠮᠧᠬᠠᠨᠢᠭ ᠢᠶᠠᠷ ᠠᠵᠢᠯᠯᠠᠪᠠᠯ ᠬᠤᠷᠰᠢᠶ᠎ᠠ ᠳᠤ 176 ᠲᠦᠮᠡᠨ ᠲᠥᠭᠦᠷᠢᠭ ᠤᠨ ᠥᠪᠡᠷ ᠤᠨ ᠦᠷᠳᠡᠭ ᠢ ᠠᠷᠪᠢᠯᠠᠵᠤ ᠥᠭᠬᠦ ᠪᠣᠯᠣᠨ᠎ᠠ᠃  ᠵᠢᠯ ᠤᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 4100 ᠲᠦᠮᠡᠨ ᠲᠥᠭᠦᠷᠢᠭ ᠲᠤ ᠬᠦᠷᠴᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠴᠦ ᠤᠤᠯ ᠤᠨ ᠳᠠᠩ ᠭᠠᠭᠴᠠ ᠲᠥᠷᠥᠯ ᠵᠦᠢᠯ ᠪᠠᠶᠢᠭᠰᠠᠨ ᠠᠴᠠ ᠪᠠᠨ ᠣᠳᠣ ᠠᠷᠪᠠ ᠭᠠᠷᠤᠢ ᠲᠥᠷᠥᠯ ᠵᠦᠢᠯ ᠳᠤ ᠬᠦᠷᠴᠦ᠂ ︽ᠱᠤᠸᠠᠩ ᠰᠢᠩ ᠬᠠᠭᠤᠴᠢᠨ ᠭᠤᠷᠪᠠᠳᠤᠭᠠᠷ ᠲᠣᠭᠤᠷᠢᠭ︾᠂ ︽ᠵᠡᠭᠦᠨ ᠣᠪᠣᠭ᠎ᠠ︾᠂ ︽ᠯᠦᠩ ᠰᠢᠶᠠᠩ ᠤᠨ ᠵᠤᠤ ᠯᠢ ᠵᠢᠶᠧ︾ ᠵᠡᠷᠭᠡ ᠲᠦᠷᠦᠯ ᠲᠡᠮᠳᠡᠭ ᠢ ᠳᠠᠩᠰᠠᠯᠠᠭᠤᠯᠵᠤ᠂ ᠤᠤᠯ ᠤᠨ ᠠᠶᠢᠮᠠᠭ ᠬᠤᠳᠠ ᠶᠢᠨ ᠪᠣᠷᠤᠯᠠᠭᠤᠯᠭ᠎ᠠ ᠠᠴᠠ ᠤᠳᠤ ᠶᠢᠨ ᠪᠦᠬᠦ ᠤᠯᠤᠰ ᠤᠨ ᠡᠯ᠎ᠡ ᠭᠠᠵᠠᠷ ᠲᠤ ᠠᠳᠠᠯᠢ ᠪᠤᠰᠤ ᠬᠡᠮᠵᠢᠶ᠎ᠡ ᠪᠠᠷ ᠲᠠᠷᠬᠠᠵᠤ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠴᠦ ᠡᠷᠬᠢᠨ ᠲᠣᠭᠤᠷᠢᠨ ᠤ ᠲᠣᠰᠬᠤᠨ ᠠᠴᠠ ᠪᠠᠨ ᠡᠷᠬᠢᠨ ᠲᠣᠭᠤᠷᠢᠨ ᠤ ᠰᠢᠶᠠᠩ ᠪᠠᠯᠭᠠᠰᠤ ᠪᠣᠯᠣᠨ ᠡᠷᠬᠢᠨ ᠲᠣᠭᠤᠷᠢᠨ ᠤ ᠬᠤᠰᠢᠭᠤ ᠰᠢᠶᠠᠨ ᠳᠤ ᠬᠦᠷᠲᠡᠯ᠎ᠡ ᠬᠥᠭᠵᠢᠭᠰᠡᠨ ᠪᠥᠭᠡᠳ ᠡᠷᠬᠢᠨ ᠲᠣᠭᠤᠷᠢᠨ ᠤ ᠠᠶᠢᠮᠠᠭ ᠬᠤᠳᠠ ᠲᠡᠰᠢ ᠬᠥᠭᠵᠢᠬᠦ ᠬᠠᠨᠳᠤᠰᠢ ᠲᠠᠢ ᠪᠣᠯᠵᠠᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号