ᠯᠢᠨᠰᠢ ᠰᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠵᠠᠮ ᠢᠶᠠᠨ ᠥᠷᠭᠡᠳᠬᠡᠵᠦ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2022/7/16
      ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ᠂ ᠰᠦᠯᠵᠢᠶ᠎ᠡ᠂ ᠸᠢᠴᠠᠲ᠂ ᠪᠢᠴᠢᠯ ᠪᠦᠷᠭᠡ᠂ APP ᠵᠡᠷᠭᠡ ᠣᠯᠠᠨ ᠲᠠᠯ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠵᠠᠮ ᠢ ᠥᠷᠭᠡᠳᠬᠡᠨ᠂ 2021 ᠣᠨ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠡᠷᠬᠡ ᠰᠦᠷᠲᠦ ᠨᠡᠶᠢᠲᠡᠯᠡᠯ᠂ ᠮᠡᠳᠡᠭᠳᠡᠯ ᠢ ᠢᠯᠡ ᠨᠡᠶᠢᠲᠡᠯᠡᠬᠦ ᠵᠡᠷᠭᠡ ᠡᠯ᠎ᠡ ᠲᠥᠷᠥᠯ ᠤᠨ ᠮᠡᠳᠡᠭᠡ ᠵᠠᠩᠭᠢ ᠶᠢ ᠨᠡᠶᠢᠲᠡ 279 ᠵᠤᠷᠪᠤᠰ ᠨᠡᠶᠢᠲᠡᠯᠡᠪᠡ᠃ ᠭᠤᠷᠪᠠᠨ ᠶᠠᠪᠤᠳᠠᠯ ᠢ ᠢᠯᠡ ᠪᠣᠯᠭᠠᠬᠤ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ 114 ᠵᠠᠰᠠᠭ ᠵᠠᠬᠢᠷᠭᠠᠨ ᠤ ᠲᠣᠰᠬᠤᠨ ᠪᠠ ᠨᠡᠶᠢᠭᠡᠮ ᠲᠣᠭᠤᠷᠢᠭ ᠲᠤ ᠭᠤᠷᠪᠠᠨ ᠶᠠᠪᠤᠳᠠᠯ ᠢ ᠢᠯᠡ ᠪᠣᠯᠭᠠᠬᠤ ᠳ᠋ᠠᠶᠢᠲ᠋ᠠ ᠶᠢ ᠪᠠᠶᠢᠴᠠᠭᠠᠨ ᠯᠠᠪᠯᠠᠬᠤ ᠦᠵᠦᠭᠦᠷ ᠭᠠᠷᠭᠠᠵᠤ᠂ ᠥᠷᠭᠡᠨ ᠣᠯᠠᠨ ᠲᠦᠮᠡᠨ ᠤ ᠣᠶᠢᠷ᠎ᠠ ᠬᠠᠪᠢ ᠳᠠᠭᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠮᠡᠳᠡᠭᠡ ᠵᠠᠩᠭᠢ ᠶᠢ ᠪᠠᠶᠢᠴᠠᠭᠠᠨ ᠦᠵᠡᠬᠦ ᠳᠤ ᠲᠥᠬᠦᠮ ᠦᠵᠡᠭᠦᠯᠦᠨ᠎ᠡ᠃ ᠬᠠᠭᠠᠰ ᠵᠢᠯ ᠪᠦᠷᠢ ︽ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ᠶᠢ ᠨᠠᠶᠢᠷᠠᠭᠤᠯᠤᠨ ᠬᠡᠪᠯᠡᠭᠦᠯᠵᠦ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠠᠷᠬᠠᠭᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠢᠯᠡ ᠪᠣᠯᠭᠠᠬᠤ ᠪᠠ ᠲᠠᠶᠢᠯᠤᠮᠵᠢ ᠬᠢᠨ᠎ᠡ᠃ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠥᠭᠦᠯᠡᠭᠴᠢ ᠶᠢᠨ ᠳᠦᠷᠢᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢ ᠵᠣᠬᠢᠶᠠᠨ ᠪᠠᠶᠢᠭᠤᠯᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠂ ᠠᠵᠤ ᠠᠬᠤᠶᠢᠯᠠᠯ ᠤᠨ ᠠᠩᠬᠠᠷᠴᠤ ᠪᠠᠶᠢᠭ᠎ᠠ᠂ ᠣᠯᠠᠨ ᠲᠦᠮᠡᠨ ᠤ ᠠᠩᠬᠠᠷᠴᠤ ᠪᠠᠶᠢᠭ᠎ᠠ᠂ ᠨᠡᠶᠢᠭᠡᠮ ᠤᠨ ᠠᠩᠬᠠᠷᠴᠤ ᠪᠠᠶᠢᠭ᠎ᠠ ᠬᠠᠯᠠᠮᠰᠢᠯ ᠪᠠ ᠲᠦᠪᠡᠭᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ 20 ᠭᠠᠷᠤᠢ ᠭᠤᠣᠯᠳᠠᠯᠭ᠎ᠠ ᠲᠠᠢ ᠨᠢᠭᠡᠴᠢ ᠶᠢ ᠵᠣᠬᠢᠶᠠᠨ ᠪᠠᠶᠢᠭᠤᠯᠤᠨ ᠰᠣᠨᠢᠨ ᠮᠡᠳᠡᠭᠡᠨ ᠤ ᠰᠡᠳᠦᠪ ᠰᠣᠩᠭᠤᠬᠤ ᠲᠥᠰᠥᠪᠯᠡᠯ ᠤᠨ ᠬᠤᠷᠠᠯ ᠬᠤᠷᠠᠯᠳᠤᠭᠤᠯᠵᠤ᠂ ᠮᠠᠨ ᠤ ᠰᠢᠶᠠᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠳᠠᠲᠠᠢ ᠠᠷᠭ᠎ᠠ ᠬᠡᠮᠵᠢᠶ᠎ᠡ ᠪᠠ ᠲᠤᠷᠰᠢᠯᠭ᠎ᠠ ᠠᠷᠭ᠎ᠠ ᠬᠢᠳᠡᠯ ᠢ ᠪᠦᠬᠦ ᠲᠠᠯ᠎ᠠ ᠪᠠᠷ ᠮᠡᠳᠡᠭᠡᠯᠡᠪᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号