7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠥᠬᠦᠶ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ | ᠴᠧᠩ ᠬᠤᠷᠠᠯ ᠢ ᠡᠷᠬᠢᠯᠡᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ | 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ | ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠡᠭᠡᠷᠡᠬᠢ ᠴᠢᠬᠤᠯᠠ | ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠮᠠᠨ ᠤ ᠣᠷᠣᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠨ᠂ | ᠰᠢᠶᠠᠩᠭᠠᠩ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠵᠤ᠂ ᠢᠯᠠᠩᠭᠤᠶ᠎ᠠ ᠡᠨᠧᠷᠭᠢ ᠶᠢᠨ ᠡᠬᠢ | ᠪᠠᠶᠠᠯᠢᠭ ᠡᠯᠪᠡᠭ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠣᠷᠣᠨ ᠪᠠᠶᠢᠷᠢᠯᠠᠯ ᠥᠪᠡᠷᠮᠢᠴᠡ ᠵᠡᠷᠭᠡ ᠲᠠᠯ᠎ᠠ ᠶᠢᠨ | ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠰᠢᠶᠠᠩᠭᠠᠩ ᠯᠤᠭ᠎ᠠ ᠶᠢᠨ ᠰᠣᠯᠢᠯᠴᠠᠭ᠎ᠠ ᠶᠠᠪᠤᠯᠴᠠᠭ᠎ᠠ ᠪᠣᠯᠤᠨ | ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ ᠬᠡᠷᠡᠭᠲᠡᠶ᠃ ᠪᠡᠯᠡ ᠮᠥᠩᠭᠦ | ᠤᠷᠤᠭᠤᠯᠬᠤ ᠪᠠ ᠤᠶᠤᠨ ᠤᠬᠠᠭᠠᠨ ᠢ ᠤᠷᠤᠭᠤᠯᠵᠤ ᠴᠢᠳᠠᠪᠤᠷᠢᠳᠠᠨ ᠢ ᠤᠷᠤᠭᠤᠯᠬᠤ ᠶᠢ ᠵᠡᠷᠭᠡ ᠪᠠᠷ ᠴᠢᠬᠤᠯᠠᠴᠢᠯᠠᠵᠤ | ᠂ ᠰᠢᠶᠠᠩᠭᠠᠩ ᠤᠨ ᠪᠡᠯᠡ ᠮᠥᠩᠭᠦ᠂ ᠠᠵᠤ ᠠᠬᠤᠶᠢᠯᠠᠯ ᠪᠠ ᠴᠢᠳᠠᠪᠤᠷᠢᠲᠠᠨ ᠢ ᠨᠡᠩ ᠰᠠᠶᠢᠲᠤᠷ ᠤᠷᠤᠭᠤᠯᠤᠨ | ᠠᠪᠴᠢᠷᠠᠬᠤ ᠬᠡᠷᠡᠭᠲᠡᠢ᠃ ᠡᠭᠦᠨ ᠤ ᠬᠠᠮᠲᠤ᠂ ᠰᠢᠶᠠᠩᠭᠠᠩ ᠤᠨ ᠠᠵᠤ ᠠᠬᠤᠶᠢᠯᠠᠯ ᠢ ᠦᠨᠡᠨ ᠪᠣᠳᠠᠲᠠᠢ ᠬᠠᠪᠰᠤᠷᠤᠨ | ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠲᠡᠳᠡᠨ ᠤ ᠥᠪᠥᠷ ᠮᠣᠩᠭᠤᠯ ᠳᠤ | ᠬᠦᠭᠵᠢᠬᠦ ᠳᠤ ᠰᠡᠳᠭᠢᠯ ᠠᠮᠤᠷ᠂ ᠲᠠᠭᠠᠯᠠᠮᠵᠢᠲᠡᠢ ᠪᠠᠶᠢᠬᠤ ᠶᠢ ᠪᠡᠶᠡᠯᠡᠬᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠪᠸᠢ ᠶᠢᠨ ᠦᠬᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠡᠯ᠎ᠡ | ᠵᠦᠢᠯ ᠤᠨ ᠴᠢᠳᠠᠪᠤᠷᠢᠲᠠᠨ ᠤ ᠲᠤᠬᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠬᠤ ᠶᠢᠨ ᠬᠠᠮᠲᠤ᠂ ᠮᠠᠨ ᠤ ᠣᠷᠣᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ | ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠢᠳᠠᠪᠤᠷᠢᠲᠠᠨ ᠢ ᠦᠨᠡᠨ ᠬᠦ ᠤᠷᠤᠭᠤᠯᠬᠤ᠂ | ᠵᠢᠩᠬᠢᠨᠢ ᠴᠢᠳᠠᠪᠤᠷᠢᠲᠠᠨ ᠢ ᠤᠷᠤᠭᠤᠯᠬᠤ ᠠᠵᠢᠯ ᠢ ᠶᠡᠭᠡ ᠬᠦᠴᠦ ᠤᠷᠤᠭᠤᠯᠤᠨ ᠬᠢᠬᠦ ᠬᠡᠷᠡᠭᠲᠡᠢ᠂ ᠬᠡᠯᠪᠡᠷᠢ ᠳᠤ | ᠪᠠᠷᠢᠭᠳᠠᠭᠰᠠᠨ ᠤ ᠬᠡᠷᠡᠭ ᠦᠭᠡᠢ᠂ ᠵᠠᠩᠭᠢᠯᠠᠭ᠎ᠠ ᠨᠢ ᠦᠷ᠎ᠡ ᠳ᠋ᠦᠩ ᠢ ᠦᠵᠡᠵᠦ᠂ ᠴᠢᠳᠠᠪᠤᠷᠢᠲᠠᠨ ᠤ ᠦᠢᠯᠡᠳᠦᠯ ᠢ | ᠪᠠᠳᠠᠷᠠᠭᠤᠯᠵᠤ᠂ ᠬᠤᠪᠢ ᠨᠡᠮᠡᠷᠢ ᠦᠵᠡᠭᠦᠯᠬᠦ ᠳᠤ ᠪᠠᠶᠢᠨ᠎ᠠ᠃ ᠪᠣᠳᠠᠲᠠᠢ ᠶᠢ ᠡᠷᠬᠢᠮᠯᠡᠨ ᠨᠡᠶᠢᠭᠡᠮ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠠᠵᠢᠯ ᠤᠨ ᠬᠡᠶᠢᠰᠪᠦᠷᠢ ᠪᠠᠷ ᠶᠠᠪᠤᠬᠳᠠᠬᠤ ᠶᠢ | ᠰᠡᠷᠭᠡᠶᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠨᠠᠮ ᠤᠨ ᠲᠥᠪ ᠬᠤᠷᠢᠶᠠᠨ ᠤ | ᠴᠢᠭᠯᠡᠯᠲᠡ ᠲᠦᠷᠦ ᠶᠢᠨ ᠪᠤᠳᠤᠯᠭ᠎ᠠ ᠶᠢ ᠡᠷᠡᠰ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠦᠨ᠂ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠲᠦᠪᠰᠢᠨ ᠢ | ᠳᠡᠭᠡᠭᠰᠢᠯᠡᠭᠦᠯᠵᠦ᠂ ᠠᠵᠤ ᠠᠬᠤᠢ ᠶᠢᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠬᠢᠵᠢᠭ | ᠡᠭᠦᠰᠦᠭᠰᠡᠨ ᠭᠠᠵᠠᠷ ᠣᠷᠣᠨ ᠤ ᠬᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠡᠪᠡᠳᠴᠢᠨ ᠤ ᠵᠢᠱᠢᠶ᠎ᠠ ᠶᠢ ᠦᠭᠡᠢ ᠪᠤᠯᠭᠠᠬᠤ ᠶᠢ ᠲᠦᠷᠭᠡᠨ ᠪᠡᠶᠡᠯᠡᠭᠦᠯᠬᠦ ᠬᠡᠷᠡᠭᠲᠡᠶ ᠭᠡᠵᠤ | ᠴᠢᠬᠤᠯᠠᠴᠢᠯᠠᠪᠠ᠃ | ᠬᠤᠷᠠᠯ ᠠᠴᠠ ᠤᠯᠤᠰ ᠲᠥᠷᠥ ᠬᠠᠤᠯᠢ ᠴᠠᠭᠠᠵᠠ ᠶᠢᠨ ᠤᠳᠤᠷᠢᠳᠬᠤ ᠺᠠᠳ᠋ᠷᠴᠤᠳ ᠤᠨ ᠤᠯᠤᠰ ᠲᠥᠷᠥ ᠶᠢᠨ | ᠪᠠᠶᠢᠭᠤᠯᠤᠯᠲᠠ ᠶᠢ ᠴᠢᠩᠭᠠᠳᠬᠠᠬᠤ ᠰᠤᠳᠤᠯᠤᠨ ᠶᠠᠷᠢᠯᠴᠠᠬᠤ ᠠᠩᠭᠢ᠂ ᠤᠯᠤᠰ ᠲᠥᠷᠥ ᠬᠠᠤᠯᠢ ᠴᠠᠭᠠᠵᠠ ᠶᠢᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ | ᠪᠠᠶᠢᠭᠤᠯᠭ᠎ᠠ ᠶᠢᠨ ᠬᠢᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭ᠎ᠠ ᠠᠴᠠ ᠴᠢᠩᠭ᠎ᠠ ᠪᠣᠳᠠᠲᠠᠶ ᠠᠴᠠ ᠪᠣᠳᠠᠲᠠᠶ | ᠰᠠᠶᠢᠲᠤᠷ ᠠᠳᠬᠤᠵᠤ᠂ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠬᠤ | ᠬᠡᠷᠡᠭᠲᠡᠶ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠬᠡ ᠶᠢᠨ ᠠᠵᠢᠯᠯᠠᠭᠠᠨ ᠤ ᠲᠣᠭᠲᠡᠴᠡ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠤᠯᠤᠮᠵᠢ ᠲᠣᠭᠲᠡᠴᠡ ᠶᠢᠨ ᠲᠠᠯ᠎ᠠ ᠪᠠᠷ ᠡᠷᠬᠡ ᠶᠢ ᠬᠠᠮᠢᠶᠠᠷᠬᠤ ᠶᠢ ᠨᠡᠩ | ᠴᠢᠬᠤᠯᠠᠴᠢᠯᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠮᠠᠨ ᠤ ᠣᠷᠣᠨ ᠤ | ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠵᠥᠪ ᠲᠠᠯ᠎ᠠ ᠶᠢᠨ ᠲᠦᠷᠢ ᠲᠥᠷᠬᠦ ᠶᠢ ᠳᠠᠷᠤᠢ ᠲᠦᠷᠭᠡᠨ | ᠱᠤᠭᠤᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ | ᠬᠠᠮᠠᠭᠠᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠤ | ᠴᠢᠬᠤᠯᠠᠴᠢᠯᠠᠵᠠᠢ᠃ | ᠬᠤᠷᠠᠯ ᠠᠴᠠ ᠪᠥᠬᠦ ᠣᠷᠣᠨ ᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ | ᠰᠠᠶᠢᠲᠤᠷ ᠬᠢᠬᠦ ᠳᠤ ᠡᠯ᠎ᠡ ᠱᠠᠲᠤᠨ ᠤ ᠡᠪᠯᠡᠯ ᠤᠨ ᠬᠤᠷᠢᠶ᠎ᠠ ᠪᠣᠯᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ | ᠬᠠᠮᠲᠤ ᠪᠠᠷ ᠴᠢᠷᠮᠠᠶᠢᠵᠤ᠂ ᠨᠢᠭᠲᠠ ᠬᠠᠮᠵᠢᠯᠴᠠᠬᠤ ᠬᠡᠷᠡᠭᠲᠡᠶ᠃ ᠪᠠᠭᠠᠴᠤᠳ ᠬᠡᠦᠬᠡᠳ ᠤᠨ ᠦᠵᠡᠯ ᠰᠠᠨᠠᠭ᠎ᠠ ᠪᠠ ᠪᠡᠶ᠎ᠡ | ᠰᠡᠳᠭᠢᠴᠠ ᠶᠢᠨ ᠣᠨᠴᠠᠯᠢᠭ ᠲᠤ ᠴᠢᠭᠯᠡᠭᠦᠯᠦᠨ᠂ ᠶᠣᠰᠣᠯᠠᠯ ᠤᠨ ᠴᠢᠨᠠᠷ ᠢᠶᠠᠷ ᠴᠢᠩᠭ᠎ᠠ᠂ ᠰᠡᠳᠭᠢᠯ ᠵᠢᠷᠦᠬᠡᠨ ᠳᠡᠭᠡᠨ | ᠬᠠᠳᠠᠩᠰᠢᠭᠤᠯᠬᠤ ᠠᠵᠢᠯᠯᠠᠭ᠎ᠠ ᠶᠢ ᠢᠯᠡᠭᠦᠬᠡᠨ ᠵᠣᠬᠢᠶᠠᠨ ᠪᠠᠶᠢᠭᠤᠯᠤᠨ ᠥᠷᠨᠢᠭᠦᠯᠵᠦ᠂ ᠦᠵᠡᠯ ᠰᠠᠨᠠᠭ᠎ᠠ ᠤᠯᠤᠰ | ᠲᠦᠷᠦ ᠶᠢᠨ ᠠᠵᠢᠯ ᠢ ᠪᠣᠳᠠᠲᠠᠢ ᠬᠢᠵᠦ᠂ ᠬᠤᠶᠢᠴᠢ ᠦᠶ᠎ᠡ ᠶᠢᠨ ᠬᠢᠨ ᠤ ᠦᠨᠡᠨ ᠰᠡᠳᠭᠢᠯ ᠠᠴᠠ ᠪᠠᠨ ᠨᠠᠮ ᠢᠶᠠᠨ | ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠶᠢ ᠬᠥᠮᠦᠵᠢᠭᠦᠯᠦᠨ | ᠵᠢᠯᠣᠭᠤᠳᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ ᠬᠤᠷᠠᠯ ᠠᠴᠠ ︽ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠴᠢᠨᠠᠭᠰᠢᠳᠠ ᠪᠠᠳᠤᠳᠬᠠᠨ ᠪᠠᠬᠢᠵᠢᠭᠦᠯᠬᠦ ᠲᠤᠬᠠᠶ ᠬᠡᠷᠡᠭᠵᠢᠭᠦᠯᠬᠦ ᠲᠥᠰᠦᠯ︾ | ᠂ ︽︿ᠢᠨᠲ᠋ᠧᠷ ᠰᠦᠯᠵᠢᠶ᠎ᠡ + ᠰᠤᠷᠭᠠᠨ ᠬᠥᠮᠦᠵᠢᠯ﹀ ᠤᠨ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ | ᠲᠥᠰᠦᠯ︾ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |