7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ ᠤᠨ | ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠠᠬᠢᠨ ᠲᠤᠬᠢᠷᠠᠭᠤᠯᠤᠯᠳᠠ | ᠬᠢᠵᠤ᠂ ᠲᠠᠬᠢᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠡᠨ ᠪᠦᠭᠡᠳ ᠶᠠᠷᠢᠶ᠎ᠠ | ᠲᠠᠯᠪᠢᠪᠠ᠃ | ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠶᠤᠯᠭᠦᠢ | ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ | ᠱᠠᠭᠠᠷᠳᠠᠯᠭ᠎ᠠ ᠶᠢ ᠲᠣᠳᠣᠷᠬᠠᠢ ᠳᠤᠷᠠᠳᠴᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ | ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠰᠡᠷᠭᠡᠭ ᠪᠠᠶᠢᠬᠤ ᠶᠢ ᠢᠮᠠᠭᠲᠠ ᠪᠠᠷᠢᠮᠲᠠᠯᠠᠵᠤ᠂ ᠤᠯᠤᠰ ᠲᠥᠷᠥ ᠶᠢᠨ | ᠲᠠᠯ᠎ᠠ ᠪᠠᠷ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠᠨ ᠲᠣᠳᠣᠷᠬᠠᠶ ᠲᠠᠨᠢᠵᠤ᠂ ᠪᠠᠶᠢᠳᠠᠯ ᠤᠨ ᠲᠠᠯ᠎ᠠ ᠠᠴᠠ | ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠶᠢ ᠲᠣᠳᠣᠷᠬᠠᠶ ᠲᠠᠨᠢᠵᠤ᠂ ᠬᠡᠮ ᠰᠣᠭᠤᠭ ᠤᠨ ᠲᠠᠯ᠎ᠠ ᠪᠠᠷ ᠣᠷᠣᠰᠢᠵᠤ | ᠪᠠᠶᠢᠭ᠎ᠠ ᠠᠰᠠᠭᠤᠳᠠᠯ ᠢ ᠲᠣᠳᠣᠷᠬᠠᠶ ᠲᠠᠨᠢᠬᠤ ᠶᠢ ᠪᠠᠷᠢᠮᠳᠠᠯᠠᠵᠤ᠂ ᠠᠮᠤᠷ ᠲᠦᠪᠰᠢᠨ ᠢ ᠰᠠᠬᠢᠬᠤ᠂ ᠲᠣᠭᠲᠠᠭᠤᠨ ᠢ | ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠶ᠃ ᠢᠮᠠᠭᠲᠠ ︽ | ᠥᠴᠦᠬᠡᠨ ᠴᠦ ᠠᠯᠳᠠᠬᠳᠠᠯ ᠭᠠᠷᠭᠠᠬᠤ ᠦᠭᠡᠢ᠂ ᠠᠯᠳᠠᠬᠳᠠᠯ ᠭᠠᠷᠪᠡᠯ ᠠᠯᠢᠪᠠ ᠪᠦᠬᠦᠨ ᠲᠠᠯᠠᠭᠠᠷ ᠪᠤᠯᠬᠤ︾ | ᠲᠦᠢᠯ ᠤᠨ ᠬᠢᠨᠠᠭᠤᠷ ᠪᠣᠯᠭᠤᠮᠵᠢᠲᠠᠢ ᠪᠠᠶᠢᠳᠠᠯ ᠢᠶᠠᠷ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠴᠠᠷᠠᠭ᠎ᠠ ᠶᠢ | ᠲᠤᠪᠤᠶᠢᠯᠭᠠᠨ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ | ᠭᠡᠮ ᠰᠣᠭᠤᠭ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ | ᠪᠠᠴᠢᠮ ᠪᠠᠶᠢᠳᠠᠯ ᠢ ᠠᠷᠭᠠᠴᠠᠭᠠᠬᠤ ᠲᠦᠪᠰᠢᠨ ᠢ ᠪᠦᠬᠦ ᠬᠦᠴᠦᠨ ᠢᠶᠠᠷ ᠳᠡᠭᠡᠭᠰᠢᠯᠡᠭᠦᠯᠦᠨ᠂ ᠠᠶᠤᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠲᠦᠷᠭᠡᠨ ᠰᠠᠶᠢᠲᠤᠷ ᠬᠢᠬᠦ ᠬᠡᠷᠡᠭᠲᠡᠢ᠃ ︽ᠴᠠᠭ | ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠤᠬᠠᠮᠰᠠᠷ ᠢ ᠢᠮᠠᠭᠲᠠ ᠪᠠᠷᠢᠮᠲᠠᠯᠠᠵᠤ᠂ ᠴᠠᠭ | ᠲᠤᠬᠠᠢ ᠳᠤᠨᠢ ᠲᠤᠬᠢᠷᠠᠭᠤᠯᠤᠨ ᠰᠤᠳᠤᠯᠤᠨ ᠮᠠᠭᠠᠳᠯᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠩᠬᠡᠨ | ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ | ᠠᠵᠢᠯ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠪᠣᠳᠠᠲᠠᠢ ᠦᠷ᠎ᠡ | ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ | ᠬᠡᠷᠡᠭᠲᠡᠢ ᠭᠡᠵᠦ ᠵᠢᠭᠠᠵᠤ ᠭᠠᠷᠭᠠᠵᠠᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠠᠶ ᠯᠢ ᠬᠤᠸᠠ ᠬᠤᠷᠠᠯ ᠳᠤ ᠣᠷᠣᠯᠴᠠᠵᠠᠶ᠃ |