ᠣᠶᠢᠷ᠎ᠠ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠬᠠᠳᠠ ᠬᠤᠲᠠ ᠶᠢᠨ ᠬᠤᠷᠢᠶ᠎ᠠ᠂ | ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠵᠠᠯᠠᠭᠤᠴᠤᠳ ᠤᠨ | ᠬᠤᠯᠪᠣᠭᠠᠲᠤ ᠬᠤᠷᠠᠯ᠂ ᠪᠠᠭᠠᠴᠤᠳ ᠤᠨ ᠬᠤᠰᠢᠭᠤᠴᠢ ᠠᠩᠭᠢ ᠶᠢᠨ ᠤᠯᠠᠭᠠᠨᠬᠠᠳᠠ ᠬᠤᠲᠠ ᠶᠢᠨ ᠠᠵᠢᠯ ᠤᠨ ᠵᠥᠪᠯᠡᠯ | ᠂ ᠤᠯᠠᠭᠠᠨᠬᠠᠳᠠ ᠶᠢᠨ ᠡᠳᠦᠷ ᠤᠨ ᠰᠣᠨᠢᠨ ᠤ ᠬᠤᠷᠢᠶ᠎ᠠ ᠠᠴᠠ ᠭᠤᠣᠯᠯᠠᠨ ᠡᠷᠬᠢᠯᠡᠵᠦ᠂ ᠤᠯᠠᠭᠠᠨᠬᠠᠳᠠ ᠬᠤᠲᠠ ᠶᠢᠨ | ᠭᠡᠷᠡᠯ ᠵᠢᠷᠤᠭᠴᠢᠳ ᠤᠨ ᠨᠡᠶᠢᠭᠡᠮᠯᠢᠭ᠂ ᠤᠯᠠᠭᠠᠨᠬᠠᠳᠠ ᠬᠤᠲᠠ ᠶᠢᠨ ᠺᠢᠨᠣ᠋ ᠲᠧᠯᠸᠢᠰ ᠤᠨ ᠤᠷᠠᠯᠢᠭᠴᠢᠳ ᠤᠨ | ᠨᠡᠶᠢᠭᠡᠮᠯᠢᠭ᠂ ᠤᠯᠠᠭᠠᠨᠬᠠᠳᠠ ᠶᠢᠨ ᠠᠯᠲᠠᠨ ᠤ ᠳᠡᠯᠭᠡᠭᠦᠷ ᠤᠨ ᠨᠡᠶᠢᠭᠡᠮᠯᠢᠭ ᠤᠨ ᠠᠯᠪᠠᠨ ᠭᠡᠷ᠂ ᠤᠯᠠᠭᠠᠨᠬᠠᠳᠠ ᠶᠢᠨ | ᠡᠳᠦᠷ ᠤᠨ ᠰᠣᠨᠢᠨ ᠤ ᠣᠶᠤᠨᠲᠤ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠡᠳᠦᠷ ᠤᠨ | ᠰᠣᠨᠢᠨ ᠤ ᠰᠢᠨ᠎ᠡ ᠵᠠᠭᠤᠴᠢᠯᠠᠭᠤᠷ ᠤᠨ ᠲᠥᠪ᠂ ᠤᠯᠠᠭᠠᠨᠬᠠᠳᠠ ᠬᠤᠲᠠ ᠶᠢᠨ ᠵᠠᠯᠠᠭᠤᠴᠤᠳ ᠪᠠᠭᠠᠴᠤᠳ ᠤᠨ | ᠣᠷᠳᠣᠨ ᠤ ᠳᠠᠭᠠᠭᠠᠴᠢᠯᠠᠨ ᠡᠷᠬᠢᠯᠡᠭᠰᠡᠨ ︽ᠤᠯᠠᠭᠠᠨᠬᠠᠳᠠ ᠶᠢᠨ ᠠᠯᠲᠠᠨ ᠤ ᠳᠡᠯᠭᠡᠭᠦᠷ ᠬᠤᠨᠳᠠᠭᠠᠲᠣ ︱ ᠮᠢᠨᠤ | ᠬᠠᠶᠢᠷᠠᠲᠠᠢ ᠡᠬᠡ ᠤᠯᠤᠰ ᠤᠨ ᠭᠡᠷᠡᠯ ᠵᠢᠷᠤᠭ ᠤᠨ ᠣᠬᠤᠷ ᠸᠢᠳᠢᠤ᠋ ᠶᠢᠨ ᠤᠷᠤᠯᠳᠤᠭᠠᠨ︾ ᠲᠡᠭᠦᠰ ᠠᠮᠵᠢᠯᠲᠠ ᠲᠠᠢ | ᠥᠨᠳᠥᠷᠯᠡᠪᠡ᠃ ᠲᠣᠰ ᠤᠳᠠᠭᠠᠨ ᠤ ᠤᠷᠤᠯᠳᠤᠭᠠᠨ 3 ᠰᠠᠷ᠎ᠠ ᠶᠠᠪᠤᠭᠳᠠᠵᠤ᠂ ᠯᠢᠨᠰᠢ ᠰᠢᠶᠠᠨ ᠤ ᠲᠤᠷᠰᠢᠯᠲᠠ ᠶᠢᠨ | ᠪᠠᠭ᠎ᠠ ᠰᠤᠷᠭᠠᠭᠤᠯᠢ᠂ ᠯᠢᠨᠰᠢ ᠪᠠᠯᠭᠠᠰᠤᠨ ᠤ ᠪᠠᠭ᠎ᠠ ᠰᠤᠷᠭᠠᠭᠤᠯᠢ ︽ᠰᠢᠯᠢᠳᠡᠭ ᠵᠣᠬᠢᠶᠠᠨ ᠪᠠᠶᠢᠭᠤᠯᠤᠯᠲᠠ ᠶᠢᠨ | ᠱᠠᠩᠨᠠᠯ︾ ᠭᠥᠷᠳᠡᠪᠡ᠃ ᠯᠢᠨᠰᠢ ᠰᠢᠶᠠᠨ ᠤ ᠯᠢᠨᠰᠢ ᠪᠠᠯᠭᠠᠰᠤᠨ ᠤ ᠪᠠᠭ᠎ᠠ ᠰᠤᠷᠭᠠᠭᠤᠯᠢ ᠶᠢᠨ ᠵᠠᠩ ᠢᠦᠢ ᠬᠠᠨ᠂ | ᠯᠢᠨᠰᠢ ᠰᠢᠶᠠᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠯᠢ ᠽᠢ ᠨᠢᠩ᠂ ᠯᠢᠨᠰᠢ ᠰᠢᠶᠠᠨ ᠤ ᠭᠤᠸᠠᠨᠳᠢ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠸᠠᠩ ᠯᠢ ᠨᠠ᠂ ᠯᠢᠨᠰᠢ ᠰᠢᠶᠠᠨ ᠤ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠯᠢ ᠴᠧᠨ ᠨᠢᠩ᠂ ᠯᠢᠨᠰᠢ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠯᠢᠦ ᠢᠦᠢ ᠴᠧᠨ | ᠵᠡᠷᠭᠡ ᠲᠠᠪᠤᠨ ᠬᠥᠮᠥᠨ ᠴᠥᠮ ᠱᠠᠩᠨᠠᠯ ᠣᠯᠭᠤᠬᠤ ᠨᠡᠷᠡᠰ ᠲᠤ ᠲᠣᠳᠣᠷᠠᠭᠰᠠᠨ ᠪᠠᠶᠢᠨ᠎ᠠ᠃ |