ᠯᠢᠨᠰᠢ ᠰᠢᠶᠠᠨ ︽ᠨᠤᠲᠤᠭ ᠤᠨ ᠴᠢᠳᠠᠪᠤᠷᠢᠲᠠᠨ︾ ᠢ ᠪᠣᠯᠪᠠᠰᠤᠷᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠡᠢ
ᠨᠡᠶᠢᠲᠡᠯᠡᠭᠰᠡᠨ ᠴᠠᠭ᠄
2022/7/20
     ᠨᠢᠭᠡ ᠳᠤ ᠴᠢᠳᠠᠪᠤᠷᠢᠲᠠᠨ ᠢ ᠬᠦᠴᠦ ᠲᠠᠯᠪᠢᠨ ᠬᠦᠮᠦᠵᠢᠭᠦᠯᠪᠡ  ᠃  ᠰᠢᠨ ᠴᠧᠩᠽᠢ ᠪᠠᠯᠭᠠᠰᠣᠨ ᠤ ᠯᠣᠣ ᠬᠤ᠋ ᠱᠢ ᠭᠧᠦ ᠲᠣᠰᠬᠤᠨ ᠤ ᠬᠠᠢ ᠲᠠᠩ ᠬᠤ᠋ ᠨᠠᠭᠤᠷ ᠤᠨ ᠡᠷᠳᠡᠨᠢ ᠰᠢᠰᠢ ᠶᠢᠨ ᠬᠠᠯᠢᠰᠦᠨ ᠤ ᠰᠣᠶᠣᠯ ᠤᠨ ᠡᠭᠦᠳᠦᠯᠲᠡ ᠶᠢᠨ ᠠᠵᠤ ᠦᠢᠯᠡᠰ ᠤᠨ ᠬᠤᠲᠠ ᠶᠢᠨ ᠲᠠᠰ ᠤᠨ ︽ᠨᠤᠲᠤᠭ ᠤᠨ ᠴᠢᠳᠠᠪᠤᠷᠢᠲᠠᠨ︾ ᠤ ᠪᠣᠯᠪᠠᠰᠤᠷᠠᠭᠤᠯᠤᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠣᠨᠴᠠᠯᠢᠭᠲᠤ ᠭᠤᠣᠯᠯᠠᠬᠤ ᠠᠵᠤ ᠦᠢᠯᠡᠰ ᠲᠠᠢ ᠤᠶᠠᠯᠳᠤᠭᠤᠯᠤᠨ 11 ᠴᠢᠳᠠᠪᠤᠷᠢᠲᠠᠨ ᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠪᠠ᠃      ᠬᠤᠶᠠᠷ ᠲᠤ ᠨᠠᠮ ᠤᠨ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠬᠦᠷᠢᠶᠡᠯᠡᠩ ᠲᠣᠭᠤᠷᠢᠭ ᠪᠠ ᠲᠣᠯᠣᠭᠠᠶᠢᠯᠠᠭᠴᠢ ᠠᠵᠤ ᠠᠬᠤᠶᠢᠯᠠᠯ ᠵᠡᠷᠭᠡ ᠰᠢᠯᠢᠳᠡᠭ ᠡᠬᠢ ᠪᠠᠶᠠᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽1+11+N︾ ᠪᠦᠬᠦ ᠲᠠᠯ᠎ᠠ ᠶᠢᠨ ᠬᠡᠷᠡᠭᠯᠡᠭᠡᠨ ᠤ ᠴᠢᠳᠠᠪᠤᠷᠢᠲᠠᠨ ᠤ ᠪᠣᠯᠪᠠᠰᠤᠷᠠᠯ ᠤᠨ ᠰᠢᠰᠲ᠋ᠧᠮ ᠢ ᠪᠠᠶᠢᠭᠤᠯᠵᠤ᠂ ᠪᠥᠬᠦ ᠰᠢᠶᠠᠨ ᠤ ︽ᠨᠣᠭᠤᠭ᠎ᠠ᠂ ᠵᠢᠮᠢᠰ᠂ ᠡᠮ᠂ ᠦᠬᠡᠷ︾ ᠵᠡᠷᠭᠡ ᠭᠤᠣᠯᠯᠠᠬᠤ ᠠᠵᠤ ᠦᠢᠯᠡᠰ ᠤᠨ ᠲᠣᠭᠤᠷᠢᠨ ᠳᠤ ᠨᠤᠲᠤᠭ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ ᠂ ᠤᠷᠢᠳ ᠬᠤᠵᠢᠳ ᠬᠡᠷᠡᠭᠯᠡᠭᠡᠨ ᠤ ᠮᠡᠷᠭᠡᠵᠢᠯ ᠤᠨ ᠡᠷᠳᠡᠨᠢ ᠰᠢᠰᠢ ᠶᠢᠨ ᠬᠠᠯᠢᠰᠤᠨ ᠤ ᠨᠠᠭᠠᠮᠠᠯ ᠵᠢᠷᠤᠭ ᠵᠢᠴᠢ ᠨᠡᠬᠡᠬᠦ ᠪᠣᠯᠪᠠᠰᠤᠷᠠᠭᠤᠯᠤᠯ ᠢ 17 ᠬᠤᠭᠤᠴᠠᠭ᠎ᠠ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠣᠯᠪᠠᠰᠤᠷᠠᠭᠤᠯᠤᠯ ᠢ 9 ᠬᠤᠭᠤᠴᠠᠭ᠎ᠠ᠂ ᠳᠤᠯᠠᠭᠠᠨ ᠫᠧᠩ ᠤᠨ ᠢᠳᠡᠰᠢᠨ ᠨᠣᠭᠤᠭ᠎ᠠ ᠳᠠᠷᠢᠬᠤ ᠵᠢᠴᠢ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠣᠯᠪᠠᠰᠤᠷᠠᠭᠤᠯᠤᠯ ᠢ 3 ᠬᠤᠭᠤᠴᠠᠭ᠎ᠠ᠂ ᠬᠢᠲᠠᠳ ᠡᠪᠡᠰᠦᠨ ᠡᠮ ᠳᠠᠷᠢᠬᠤ ᠪᠣᠯᠪᠠᠰᠤᠷᠠᠭᠤᠯᠤᠯ ᠢ 3 ᠬᠤᠭᠤᠴᠠᠭ᠎ᠠ ᠪᠠ ᠣᠶ ᠵᠢᠮᠢᠰ ᠤᠨ ᠮᠡᠷᠭᠡᠵᠢᠯ ᠤᠨ ᠪᠣᠯᠪᠠᠰᠤᠷᠠᠭᠤᠯᠤᠯ ᠢ 3 ᠬᠤᠭᠤᠴᠠᠭ᠎ᠠ ᠥᠷᠨᠢᠭᠦᠯᠵᠦ᠂ ︽ᠨᠤᠲᠤᠭ ᠤᠨ ᠴᠢᠳᠠᠪᠤᠷᠢᠲᠠᠨ︾ ᠤ ᠡᠩᠨᠡᠭᠡ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号