ᠬᠤᠸᠠᠩ ᡁᠢ ᠴᠢᠶᠠᠩ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠲᠤᠰᠬᠠᠢ ᠰᠡᠳᠦᠪᠲᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/21
     7 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠲᠤᠰᠬᠠᠢ ᠰᠡᠳᠦᠪᠲᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠭᠤᠣᠯ ᠬᠠᠷᠢᠭᠤᠴᠠᠯᠭ᠎ᠠ ᠪᠠ ᠭᠤᠣᠯ ᠠᠵᠢᠯ ᠳᠤ ᠪᠠᠨ ᠠᠩᠬᠠᠷᠤᠯ ᠢᠶᠠᠨ ᠲᠥᠪᠯᠡᠷᠡᠭᠦᠯᠵᠦ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠦᠭᠰᠢᠭᠦᠷᠢ ᠶᠢ ᠨᠠᠮᠳᠠᠭᠠᠬᠤ ᠠᠵᠢᠯ ᠳᠤ ᠢᠳᠡᠪᠬᠢᠲᠡᠢ ᠣᠷᠣᠯᠴᠠᠬᠤ ᠶᠢ ᠠᠬᠢᠭᠤᠯᠪᠠ᠃      ᠬᠤᠸᠠᠩ ᡁᠢ ᠴᠢᠶᠠᠩ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠯ ᠮᠥᠩᠭᠦᠨ ᠭᠦᠢᠯᠭᠡᠭᠡᠨ ᠤ ᠠᠵᠢᠯ ᠤᠨ ᠥᠨᠢᠳᠡ ᠶᠢᠨ ᠭᠤᠣᠯ ᠰᠡᠳᠦᠪ ᠮᠥᠨ᠃ ᠡᠷᠡᠭᠦᠯ ᠪᠤᠰᠤ ᠡᠳ᠋ ᠬᠥᠷᠥᠩᠭᠡ ᠶᠢ ᠰᠢᠢᠳᠪᠦᠷᠢᠯᠡᠬᠦ ᠪᠣᠯ ᠳᠤᠮᠳᠠ ᠵᠢᠵᠢᠭ ᠪᠠᠩᠬᠢ ᠶᠢᠨ ᠠᠶᠤᠯ ᠲᠦᠭᠰᠢᠭᠦᠷᠢ ᠶᠢ ᠠᠷᠢᠯᠭᠠᠬᠤ ᠶᠢᠨ ᠵᠠᠩᠭᠢᠯᠠᠭ᠎ᠠ ᠪᠥᠭᠡᠳ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠭᠤᠣᠯ ᠬᠠᠷᠢᠭᠤᠴᠠᠯᠭ᠎ᠠ ᠮᠥᠨ᠃ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠬᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠪᠠᠨ ᠠᠩᠬᠠᠷᠤᠯ ᠢᠶᠠᠨ ᠲᠥᠪᠯᠡᠷᠡᠭᠦᠯᠵᠦ᠂ ᠦᠶᠡᠯᠡᠯ ᠤᠨ ᠬᠤᠭᠤᠴᠠᠭᠠᠨ ᠤ ᠲᠣᠬᠢᠷᠠᠭᠤᠯᠭ᠎ᠠ ᠶᠢᠨ ᠴᠢᠳᠠᠪᠬᠢ ᠶᠢ ᠦᠨᠡᠨ ᠬᠦ ᠪᠠᠳᠠᠷᠠᠭᠤᠯᠵᠤ᠂ ᠲᠤᠰᠬᠠᠶᠢᠵᠢᠭᠤᠯᠬᠤ᠂ ᠵᠠᠬ᠎ᠠ ᠳᠡᠯᠭᠡᠭᠦᠷᠴᠢᠯᠡᠬᠦ᠂ ᠬᠠᠤᠯᠢᠵᠢᠯ ᠤᠨ ᠠᠷᠭ᠎ᠠ ᠪᠠᠷ ᠰᠢᠢᠳᠪᠦᠷᠢᠯᠡᠬᠦ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠣᠷᠢᠭᠲᠠᠢ ᠪᠠᠷ ᠬᠢᠲᠤᠭ᠎ᠠ ᠶᠢᠨ ᠢᠷ ᠢᠶᠠᠨ ᠳᠣᠲᠣᠭᠰᠢ ᠪᠠᠨ ᠬᠠᠨᠳᠤᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠪᠠᠨ ᠦᠨᠡᠨ ᠬᠦ ᠴᠢᠩᠭᠠᠳᠬᠠᠵᠤ᠂ ᠠᠶᠤᠯ ᠲᠦᠭᠰᠢᠭᠦᠷᠢ ᠶᠢ ᠰᠢᠢᠳᠪᠦᠷᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠳᠠᠭᠠᠳᠬᠠᠯ ᠳᠤ ᠴᠢᠩᠭ᠎ᠠ ᠬᠦᠴᠦᠲᠡᠢ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠨᠡᠮᠡᠭᠳᠡᠯ ᠤᠨ ᠦᠨᠳᠦᠰᠦᠨ ᠲᠠᠯ᠎ᠠ ᠶᠢᠨ ᠲᠣᠭᠲᠠᠪᠤᠷᠢᠵᠢᠨ ᠰᠠᠶᠢᠵᠢᠷᠠᠬᠤ ᠶᠡᠭᠡ ᠬᠠᠨᠳᠤᠰᠢ ᠶᠢ ᠲᠣᠳᠣᠷᠬᠠᠢ ᠲᠠᠨᠢᠵᠤ᠂ ᠶᠡᠭᠡ ᠲᠠᠯ᠎ᠠ ᠶᠢ ᠠᠵᠢᠭᠯᠠᠵᠤ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠬᠥᠷᠥᠩᠭᠡ ᠶᠢ ᠰᠢᠢᠳᠪᠦᠷᠢᠯᠡᠬᠦ ᠬᠤᠷᠳᠤᠴᠠ ᠶᠢ ᠲᠦᠷᠭᠡᠳᠬᠡᠵᠦ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号