7 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠬᠤ ᠪᠠᠷ ᠭᠤᠤᠯ ᠰᠡᠳᠦᠪ ᠪᠤᠯᠭᠠᠵᠤ 2022 ᠣᠨ ᠤ ᠳᠣᠯᠣᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ | ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠵᠣᠣ ᠶᠦᠩ ᠲᠤᠰᠬᠠᠶ ᠰᠡᠳᠦᠪᠲᠤ ᠬᠠᠪᠰᠤᠷᠤᠨ | ᠵᠢᠯᠣᠭᠤᠳᠤᠯᠭ᠎ᠠ ᠬᠢᠵᠦ᠂ ᠰᠢᠨ᠎ᠡ ᠦᠵᠡᠯ ᠰᠠᠨᠠᠭ᠎ᠠ ᠶᠢ ᠲᠤᠭᠤᠰᠢᠯᠠᠭᠤᠯᠬᠤ᠂ ᠰᠢᠨ᠎ᠡ ᠭᠤᠤᠯ ᠰᠢᠵᠢᠮ ᠳᠤ | ᠠᠩᠬᠠᠷᠤᠯ ᠢᠶᠠᠨ ᠲᠥᠪᠯᠡᠷᠡᠭᠦᠯᠬᠦ᠂ ᠰᠢᠨ᠎ᠡ ᠡᠭᠦᠷᠭᠡ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠶᠡᠷᠦᠩᠬᠡᠶ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ | ᠰᠠᠨᠠᠭ᠎ᠠ ᠶᠢ ᠭᠦᠨᠵᠡᠭᠡᠶ ᠲᠠᠶᠢᠯᠪᠤᠷᠢᠯᠠᠪᠠ᠃ ᠶᠠᠩ ᠸᠧᠶ ᠳ᠋ᠦᠩ᠂ ᠬᠦᠦᠳᠠᠭᠤᠯᠠ ᠭᠤᠤᠯᠳᠠᠯᠭ᠎ᠠ ᠶᠢᠨ ᠲᠤᠭᠤᠷᠢᠨ ᠳᠤ | ᠦᠭᠡ ᠬᠡᠯᠡᠵᠡᠢ᠃ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠃ ᠦᠨᠳᠦᠰᠦᠲᠡᠨ ᠤ ᠭᠠᠵᠠᠷ ᠣᠷᠣᠨ ᠤ ᠤᠳᠤᠷᠢᠳᠬᠤ | ᠺᠠᠳ᠋ᠷ ᠪᠣᠯᠤᠭᠰᠠᠨ ᠤ ᠬᠤᠪᠢ ᠳᠤ᠂ ᠪᠢᠳᠡ ᠡᠨᠡ ᠬᠦ ᠴᠢᠬᠤᠯᠠ ᠦᠵᠡᠯ ᠰᠠᠨᠠᠭ᠎ᠠ ᠶᠢ ᠨᠡᠩ ᠤᠬᠠᠮᠰᠠᠷ ᠠᠴᠠ ᠪᠠᠨ | ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠤᠬᠠᠮᠰᠠᠷ ᠠᠴᠠ ᠪᠠᠨ ᠲᠠᠷᠢᠬᠢ ᠲᠣᠯᠣᠭᠠᠢ ᠪᠠᠨ ᠵᠡᠪᠰᠡᠭᠯᠡᠬᠦ᠂ | ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠳᠤ ᠬᠡᠷᠡᠭᠯᠡᠬᠦ ᠬᠡᠷᠡᠭᠲᠡᠢ ᠭᠡᠵᠡᠢ᠃ | ᠰᠦᠨ ᠱᠤᠤ ᠴᠧᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠳ ᠤᠳᠤᠷᠢᠳᠤᠯᠭ᠎ᠠ ᠪᠠᠶᠢᠬᠤ | ᠦᠭᠡᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠵᠤ ᠴᠢᠳᠠᠬᠤ ᠦᠭᠡᠢ᠂ | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢᠬᠢ ᠬᠥᠭᠵᠢᠯᠲᠡ ᠪᠣᠯᠤᠨ | ᠥᠨᠥᠳᠦᠷ ᠤᠨ ᠠᠮᠵᠢᠯᠲᠠ ᠴᠤ ᠪᠠᠶᠢᠵᠤ ᠴᠢᠳᠠᠬᠤ ᠦᠭᠡᠢ᠂ ᠤᠳᠤᠬᠠᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠬᠠᠮᠲᠤ ᠪᠠᠷ ᠪᠦᠯᠬᠦᠮᠳᠡᠨ ᠲᠠᠪᠰᠢᠵᠤ᠂ ᠬᠠᠮᠲᠤ ᠪᠠᠷ ᠴᠡᠴᠡᠭᠯᠡᠨ ᠬᠥᠭᠵᠢᠭᠰᠡᠨ ᠶᠡᠭᠡ ᠰᠠᠶᠢᠨ ᠪᠠᠶᠢᠳᠠᠯ ᠪᠠᠶᠢᠵᠤ | ᠴᠢᠳᠠᠬᠤ ᠦᠭᠡᠢ ᠶᠤᠮ᠃ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠤᠤᠷ᠎ᠠ ᠬᠥᠭᠵᠢᠵᠦ | ᠢᠷᠡᠭᠰᠡᠨ ᠶᠤᠮ᠂ ᠨᠢᠳᠤᠨᠤᠨ ᠪᠥᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 2 | ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠪᠠᠷᠤᠭ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠡᠬᠢᠨ ᠤ | ᠦᠶ᠎ᠡ ᠶᠢᠨ 680 ᠳᠠᠬᠢᠨ ᠲᠠᠢ ᠲᠡᠩᠴᠡᠪᠠ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠭᠠᠰᠢ | ᠲᠥᠪ ᠠᠴᠠ ᠲᠤᠬᠢᠷᠠᠭᠤᠯᠵᠤ ᠮᠠᠨ ᠤ ᠣᠷᠣᠨ ᠳᠤ ᠰᠢᠯᠵᠢᠭᠦᠯᠦᠨ ᠥᠭᠬᠦᠭᠰᠡᠨ ᠪᠠᠯᠠ ᠮᠥᠩᠭᠦ ᠨᠡᠶᠢᠲᠡ 2 ᠲᠦᠮᠡᠨ | ᠳ᠋ᠦᠩᠰᠢᠭᠤᠷ ᠲᠥᠭᠦᠷᠢᠭ ᠢ ᠳᠠᠪᠠᠵᠤ᠂ ᠣᠳᠣᠬᠠᠨ ᠳᠤ ᠪᠥᠬᠦ ᠣᠷᠣᠨ ᠤ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢᠨ ᠳᠣᠲᠣᠷ᠎ᠠ ᠲᠥᠪ ᠠᠴᠠ ᠦᠭᠬᠦᠭᠰᠡᠨ ᠨᠥᠬᠦᠪᠥᠷᠢ ᠪᠠᠯᠠ ᠮᠥᠩᠭᠦ ᠬᠠᠭᠠᠰ ᠢᠯᠡᠭᠦᠦ ᠶᠢ | ᠡᠵᠡᠯᠡᠵᠦ ᠪᠠᠶᠢᠨ᠎ᠠ᠃ ᠮᠠᠨ ᠤ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠤᠯᠤᠬᠰᠠᠨ ᠤ | ᠬᠤᠪᠢ ᠳᠤ᠂ ᠨᠠᠮ ᠤᠨ ᠦᠭᠡ ᠶᠢ ᠰᠣᠨᠣᠰᠬᠤ ᠲᠡᠭᠡᠷ᠎ᠡ ᠵᠢᠱᠶ᠋ᠶᠡᠴᠢ ᠪᠤᠯᠤᠬᠰᠠᠨ ᠪᠠᠶᠢᠨ᠎ᠠ᠃ ᠬᠡᠳᠦ᠋ᠢᠪᠡᠷ ᠮᠠᠨ ᠤ | ᠣᠷᠣᠨ ᠤ ᠦᠨᠳᠦᠰᠦᠲᠡᠨ ᠤ ᠠᠵᠢᠯ ᠳᠤ ᠵᠠᠷᠢᠮ ᠠᠰᠠᠭᠤᠳᠠᠯ ᠭᠠᠷᠴᠤ ᠥᠩᠭᠡᠷᠡᠭᠰᠡᠨ ᠪᠣᠯᠪᠠᠴᠤ ᠪᠥᠬᠦ ᠣᠷᠣᠨ ᠤ | ᠦᠨᠳᠦᠰᠦᠲᠡᠨ ᠤ ᠠᠵᠢᠯ ᠤᠨ ᠶᠡᠭᠡ ᠣᠷᠴᠢᠨ ᠪᠠ ᠪᠠᠶᠢᠳᠠᠯ ᠶᠡᠷᠦᠩᠬᠡᠶ ᠳᠡᠭᠡᠨ ᠰᠠᠶᠢᠨ ᠪᠠᠶᠢᠨ᠎ᠠ᠂ ᠪᠢᠳᠡ ᠢᠳᠡᠬᠡᠯ | ᠵᠣᠷᠢᠭ ᠲᠠᠢ ᠪᠠᠶᠢᠬᠤ ᠬᠡᠷᠡᠭᠲᠡᠶ᠂ ᠳᠠᠷᠤᠭᠠᠰᠤ ᠲᠠᠢ ᠠᠮᠢᠳᠤᠷᠠᠵᠤ ᠪᠣᠯᠬᠤ ᠥᠬᠡᠶ᠂ ᠠᠰᠠᠭᠤᠳᠠᠯ ᠲᠠᠢ ᠪᠣᠯ | ᠵᠠᠯᠠᠷᠠᠭᠤᠯᠪᠠᠯ ᠪᠤᠯᠴᠢᠬᠠᠨ᠎ᠠ᠃ ᠪᠢᠳᠡ ᠦᠨᠡᠨ ᠰᠡᠳᠭᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠲᠡᠦᠬᠡ ᠶᠢ ᠭᠦᠨᠵᠡᠭᠡᠶ ᠰᠤᠳᠤᠯᠵᠤ᠂ ᠲᠡᠦᠬᠡ ᠶᠢᠨ ᠮᠠᠲ᠋ᠧᠷᠢᠶᠠᠯ ᠢ | ᠠᠭᠤᠳᠠᠯᠵᠤ᠂ ᠤᠬᠠᠭᠤᠯᠭ᠎ᠠ ᠬᠥᠮᠦᠵᠢᠯ ᠤᠨ ᠠᠵᠢᠯ ᠢ ᠲᠤᠭ ᠲᠡᠮᠳᠡᠭ ᠲᠣᠳᠣᠷᠬᠠᠶ᠂ ᠠᠮᠢᠳᠤᠯᠢᠭ ᠰᠠᠶᠢᠬᠠᠨ ᠬᠢᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠠᠮ ᠤᠨ ᠲᠣᠭᠤᠷᠢᠨ ᠳᠤ ᠦᠨᠡᠨ ᠬᠦ ᠨᠢᠭᠲᠠᠷᠠᠨ ᠪᠦᠯᠬᠦᠮᠳᠡᠭᠦᠯᠬᠦ | ᠬᠡᠷᠡᠭᠲᠡᠶ ᠭᠡᠵᠡᠢ᠃ | ᠰᠦᠨ ᠱᠤᠤ ᠴᠧᠩ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠲᠠᠭᠠᠬᠤ ᠳᠤ᠂ ᠪᠢᠳᠡᠨ ᠳᠤ ᠠᠪᠴᠤ ᠬᠡᠯᠡᠪᠡᠯ᠂ ᠬᠠᠮᠤᠭ ᠤᠨ ᠴᠢᠬᠤᠯᠠ ᠨᠢ ᠬᠤᠶᠠᠷ ᠶᠡᠭᠡ ᠶᠠᠪᠤᠳᠠᠯ ᠢ ᠰᠠᠶᠢᠲᠤᠷ | ᠠᠳᠬᠤᠬᠤ ᠬᠡᠷᠡᠭᠳᠠᠢ᠂ ᠨᠢᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠵᠤ᠂ ᠨᠦᠬᠦᠭᠡ ᠨᠢ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ | ᠰᠠᠶᠢᠲᠤᠷ ᠪᠠᠶᠢᠭᠤᠯᠬᠤ ᠶᠠᠪᠤᠳᠠᠯ ᠪᠣᠯᠤᠨ᠎ᠠ᠃ ᠠᠳᠠᠯᠢ ᠲᠠᠯ᠎ᠠ ᠪᠠᠨ ᠡᠷᠢᠯᠬᠢᠯᠡᠬᠦ ᠳᠡᠭᠡᠷ᠎ᠡ ᠬᠦᠴᠦ ᠣᠷᠣᠭᠤᠯᠵᠤ᠂ | ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠭᠠᠷᠳᠡᠴᠡ ᠶᠢ ᠪᠣᠳᠠᠲᠠᠶᠢᠵᠢᠭᠤᠯᠵᠤ᠂ ᠠᠵᠢᠯ ᠢ ᠲᠦᠷᠰᠦᠯᠢᠭ | ᠰᠡᠳᠭᠢᠯᠭᠡ ᠲᠠᠢ ᠪᠦᠲᠦᠮᠵᠢᠳᠠᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠲᠤᠬᠠᠢ | ᠦᠨᠳᠦᠰᠦᠲᠡᠨ ᠨᠦᠭᠦᠳ ᠤᠨ ᠬᠠᠮᠳᠤ ᠶᠢᠨ ᠲᠠᠨᠢᠯᠳᠠ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠲᠠᠪᠤᠨ | ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠪᠣᠳᠠᠲᠠᠢ ᠬᠡᠷᠡᠭᠵᠢᠭᠦᠯᠬᠦ | ᠲᠥᠰᠦᠯ ᠢ ᠱᠠᠯᠠᠪᠳᠠᠨ ᠰᠤᠳᠤᠯᠤᠨ ᠲᠣᠭᠲᠠᠭᠠᠵᠤ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠦᠨ | ᠵᠢᠷᠤᠭ ᠡᠯᠭᠦᠨ ᠪᠠᠶᠢᠯᠳᠤᠵᠤ᠂ ᠵᠢᠷᠤᠭ ᠲᠦᠯᠦᠪᠯᠡᠭᠡ ᠶᠣᠰᠣᠭᠠᠷ ᠠᠵᠢᠯᠯᠠᠵᠤ᠂ ᠵᠢᠯ ᠵᠢᠯ ᠰᠢᠨ᠎ᠡ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠠᠷᠢᠭᠤᠴᠠᠯᠭ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠶᠠᠮᠠᠷ ᠠᠵᠢᠯ ᠢ ᠬᠢᠪᠡᠯ ᠶᠠᠮᠠᠷ ᠬᠠᠷᠢᠭᠤᠴᠠᠯᠭ᠎ᠠ ᠡᠭᠦᠷᠭᠡᠯᠡᠵᠤ᠂ ᠶᠠᠮᠠᠷ ᠶᠠᠪᠤᠳᠠᠯ | ᠬᠢᠪᠡᠯ ᠶᠠᠮᠠᠷ ᠠᠰᠠᠭᠤᠳᠠᠯ ᠢ ᠰᠤᠳᠤᠯᠵᠤ᠂ ᠦᠨᠡᠨ ᠬᠦ ᠬᠥᠳᠡᠯᠦᠯᠴᠡᠵᠦ᠂ ᠬᠡᠯᠡᠪᠡᠯ ᠬᠢᠵᠦ᠂ ᠱᠠᠯᠠᠪᠳᠠᠨ ᠲᠦᠷᠭᠡᠨ | ᠬᠢᠵᠦ᠂ ᠬᠢᠪᠡᠯ ᠰᠠᠶᠢᠲᠤᠷ ᠬᠢᠬᠦ ᠬᠡᠷᠡᠭᠲᠡᠢ ᠭᠡᠪᠡ᠃ |