ᠯᠢᠨᠰᠢ ᠰᠢᠶᠠᠨ ᠣᠷᠣᠨ ᠨᠣᠲᠤᠭ ᠤᠨ ᠭᠠᠵᠠᠷ ᠤᠨ ᠨᠡᠷ᠎ᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2022/7/23
      ᠮᠠᠨ ᠤ ᠰᠢᠶᠠᠨ ᠣᠷᠣᠨ ᠨᠣᠲᠤᠭ ᠤᠨ ᠭᠠᠵᠠᠷ ᠤᠨ ᠨᠡᠷ᠎ᠡ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ ᠪᠠᠶᠢᠨ᠎ᠠ᠂ 2021 ᠣᠨ ᠳᠤ ᠮᠠᠨ ᠤ ᠰᠢᠶᠠᠨ ︽ᠤᠯᠠᠭᠠᠨᠬᠠᠳᠠ ᠬᠤᠳᠠ ᠶᠢᠨ ᠭᠠᠵᠠᠷ ᠤᠨ ᠨᠡᠷ᠎ᠡ ᠶᠢᠨ ᠰᠣᠶᠣᠯ · ᠯᠢᠨᠰᠢ ᠶᠢᠨ ᠪᠣᠳᠢ︾ ᠶᠢ ᠨᠠᠶᠢᠷᠠᠭᠤᠯᠬᠤ ᠪᠠ ︽ᠯᠢᠨᠰᠢ ᠰᠢᠶᠠᠨ ᠤ ᠭᠠᠵᠠᠷ ᠤᠨ ᠨᠡᠷ᠎ᠡ ᠶᠢᠨ ᠲᠡᠮᠳᠡᠭᠯᠡᠯ︾ ᠢ ᠵᠠᠰᠠᠬᠤ ᠵᠢᠴᠢ ᠬᠤᠳᠠ ᠶᠢᠨ ᠡᠮᠦᠨ᠎ᠡ᠂ ᠬᠤᠳᠠ ᠶᠢᠨ ᠬᠤᠶᠢᠲᠤ ᠬᠤᠶᠠᠷ ᠵᠡᠭᠡᠯᠢ ᠭᠤᠳᠤᠮᠵᠢ ᠶᠢ ᠪᠠᠶᠢᠭᠤᠯᠬᠤ ᠠᠵᠢᠯ ᠢ ᠪᠠᠷ ᠮᠡᠳᠡᠭᠦᠯᠵᠦ ᠳᠠᠭᠤᠰᠬᠠᠪᠠ᠃ ︽ᠤᠯᠤᠰ ᠤᠨ ᠪᠠᠷᠢᠮᠵᠢᠶᠠᠲᠤ ᠭᠠᠵᠠᠷ ᠤᠨ ᠨᠡᠷ᠎ᠡ ᠶᠢᠨ ᠲᠣᠯᠢ︾ ᠶᠢᠨ 2 — 8 ᠳ᠋ᠤᠭᠠᠷ ᠬᠡᠰᠡᠭ ᠤᠨ ᠲᠠᠶᠢᠯᠪᠤᠷᠢ ᠨᠠᠶᠢᠷᠠᠭᠤᠯᠬᠤ ᠡᠭᠦᠷᠭᠡ ᠪᠠ᡽︽ᠤᠯᠤᠰ ᠤᠨ ᠭᠠᠵᠠᠷ ᠤᠨ ᠨᠡᠷ᠎ᠡ ᠶᠢᠨ ᠮᠡᠳᠡᠭᠡ ᠵᠠᠩᠭᠢ ᠶᠢᠨ ᠬᠥᠮᠥᠷᠭᠡ︾ ᠶᠢ ᠰᠢᠨᠡᠳᠬᠡᠬᠦ ᠠᠵᠢᠯ ᠢ ᠪᠡᠶᠡᠯᠡᠭᠦᠯᠵᠦ᠂ 212 ᠵᠤᠷᠪᠤᠰ ᠭᠠᠵᠠᠷ ᠤᠨ ᠨᠡᠷ᠎ᠡ ᠶᠢ ᠰᠢᠨᠡᠳᠬᠡᠪᠡ᠃ 2021 ᠣᠨ ᠳᠤ 16 ᠵᠢᠵᠢᠭ ᠲᠣᠭᠤᠷᠢᠭ ︵ᠪᠠᠷᠢᠯᠭ᠎ᠠ ᠶᠢᠨ ᠵᠦᠢᠯ︶ ᠤᠨ ᠭᠠᠵᠠᠷ ᠤᠨ ᠨᠡᠷ᠎ᠡ ᠶᠢ ᠨᠡᠷᠡᠶᠢᠳᠬᠦ ︵ᠬᠠᠯᠠᠬᠤ︶᠂ 1056 ᠡᠭᠦᠳᠡᠨ ᠤ ᠨᠣᠮᠧᠷ ᠢ ᠳᠡᠩᠰᠡᠯᠡᠨ ᠲᠡᠮᠳᠡᠭᠯᠡᠬᠦ ᠶᠢ ᠭᠦᠢᠴᠡᠳᠬᠡᠵᠦ ᠳᠠᠭᠤᠰᠬᠠᠪᠠ ᠃ ᠡᠭᠦᠨ ᠤ ᠬᠠᠮᠲᠤ ᠡᠩ ᠲᠡᠷᠢᠭᠦᠨ ᠳᠤ ᠪᠥᠬᠦ ᠬᠤᠲᠠ ᠳᠤ ᠭᠠᠵᠠᠷ ᠤᠨ ᠨᠡᠷ᠎ᠡ ᠶᠢ ᠨᠡᠷᠡᠶᠢᠳᠬᠦ ︵ᠨᠡᠷ᠎ᠡ ᠶᠢ ᠨᠢ ᠬᠠᠯᠠᠬᠤ︶ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠰᠢᠰᠲ᠋ᠧᠮ ᠢ ᠪᠠᠶᠢᠭᠤᠯᠵᠤ᠂ 7×24 ᠴᠠᠭ ᠤᠨ ᠭᠠᠷ ᠤᠲᠠᠰᠤᠨ ᠤ ᠦᠵᠦᠭᠦᠷ ᠲᠤ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠴᠠᠭ ᠢ 1 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号