ᠯᠢᠨᠰᠢ ᠰᠢᠶᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠦᠷᠢᠲᠦᠭᠰᠡᠨ ᠪᠠᠶᠢᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2022/7/24
     ᠨᠢᠭᠡ ᠳᠤ ᠬᠠᠮᠲᠤᠷᠠᠨ ᠬᠦᠳᠡᠯᠦᠯᠴᠡᠵᠦ ᠣᠬᠠᠭᠤᠯᠪᠠ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠠᠢ ᠤᠶᠠᠯᠳᠤᠭᠤᠯᠤᠨ ︽ᠬᠠᠶᠢᠷ᠎ᠠ ᠬᠠᠯᠠᠮᠵᠢ ᠬᠦᠷᠭᠡᠬᠦ᠂ ᠲᠥᠷᠥ ᠶᠢᠨ ᠪᠣᠳᠣᠯᠭ᠎ᠠ ᠬᠦᠷᠭᠡᠬᠦ᠂ ᠦᠢᠯᠡᠴᠢᠯᠡᠭᠡ ᠬᠦᠷᠭᠡᠬᠦ︾᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠵᠡᠷᠭᠡ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠣᠭᠲᠠᠭᠠᠵᠤ᠂ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 300 ᠭᠠᠷᠤᠢ ᠬᠤᠪᠢ ᠲᠠᠷᠬᠠᠭᠠᠵᠤ᠂  ᠪᠦᠲᠦᠭᠡᠨ ᠪᠠᠶᠢᠭᠤᠯᠵᠤ ᠪᠠᠶᠢᠭ᠎ᠠ 4 ᠭᠤᠣᠯᠳᠠᠯᠭ᠎ᠠ ᠲᠠᠢ ᠲᠥᠷᠥᠯ ᠵᠦᠢᠯ ᠳᠤ ᠬᠥᠨᠳᠡᠯᠡᠨ ᠪᠢᠴᠢᠭᠡᠰᠦ ᠡᠯᠭᠦᠵᠦ᠂  ᠪᠦᠲᠦᠭᠡᠨ ᠪᠠᠶᠢᠭᠤᠯᠵᠤ ᠪᠠᠶᠢᠭ᠎ᠠ 5 ᠲᠥᠷᠥᠯ ᠵᠦᠢᠯ ᠳᠤ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠤᠬᠠᠭᠤᠯᠭ᠎ᠠ ᠶᠢᠨ ᠵᠠᠷᠯᠠᠯ ᠨᠠᠭᠠᠪᠠ᠃      ᠬᠤᠶᠠᠷ ᠲᠤ ᠬᠥᠳᠡᠯᠮᠦᠷᠢ ᠶᠢᠨ ᠪᠠᠲᠤᠯᠠᠭ᠎ᠠ ᠶᠢᠨ ᠲᠤᠰᠬᠠᠢ ᠰᠢᠪᠠᠳᠠᠨ ᠪᠠᠶᠢᠴᠠᠭᠠᠯᠲᠠ ᠶᠢ  ᠦᠷᠨᠢᠭᠦᠯᠪᠡ᠃ ᠪᠠᠷᠢᠯᠭ᠎ᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠶᠢᠨ ᠬᠦᠷᠢᠶᠡᠨ ᠳᠠᠬᠢ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠳᠤ ︽ᠬᠤᠶᠠᠷ ᠮᠥᠩᠭᠦ ᠭᠤᠷᠪᠠᠨ ᠳᠦᠷᠢᠮ︾ ᠢ ᠨᠠᠶᠢᠳᠠᠪᠤᠷᠢᠵᠢᠭᠤᠯᠬᠤ ᠪᠠᠷ ᠭᠤᠣᠯᠳᠠᠯᠭ᠎ᠠ ᠪᠣᠯᠭᠠᠵᠤ ᠂ ᠢᠳᠡᠭᠡᠨ ᠤᠮᠳᠠᠭᠠᠨ ᠬᠤᠨᠤᠭ ᠪᠠᠭᠤᠳᠠᠯ ᠤᠨ ᠠᠵᠤ ᠠᠬᠤᠶᠢᠯᠠᠯ ᠪᠠ ᠪᠦᠲᠦᠭᠡᠨ ᠪᠠᠶᠢᠭᠤᠯᠵᠤ ᠪᠠᠶᠢᠭ᠎ᠠ ᠢᠨᠵᠧᠨᠧᠷᠢᠩ ᠤᠨ ᠲᠥᠷᠥᠯ ᠵᠦᠢᠯ ᠤᠨ ᠠᠵᠢᠯᠴᠢᠨ ᠬᠡᠷᠡᠭᠯᠡᠵᠦ ᠪᠠᠶᠢᠭ᠎ᠠ ᠪᠠᠶᠢᠳᠠᠯ᠂ ᠴᠠᠯᠢᠩ ᠣᠯᠭᠤᠬᠤ ᠳᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠳᠤ 5 ᠪᠦᠯᠦᠭ ᠤᠳᠠᠭ᠎ᠠ ᠲᠤᠰᠬᠠᠢ ᠵᠦᠢᠯ ᠢᠶᠠᠷ ᠰᠤᠭᠤᠴᠢᠨ ᠪᠠᠶᠢᠴᠠᠭᠠᠯᠲᠠ ᠬᠢᠵᠦ᠂ 2021 ᠣᠨ ᠳᠤ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠪᠠᠲᠤᠯᠠᠭ᠎ᠠ ᠶᠢᠨ ᠮᠥᠩᠭᠦ 2100 ᠭᠠᠷᠤᠢ ᠲᠦᠮᠡᠨ ᠲᠥᠭᠦᠷᠢᠭ ᠲᠤᠰᠢᠶᠠᠵᠠᠢ᠃      ᠭᠤᠷᠪᠠ ᠳᠤ ᠬᠥᠳᠡᠯᠮᠦᠷᠢ ᠶᠢᠨ ᠪᠠᠲᠤᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠥᠷᠨᠢᠭᠦᠯᠪᠡ᠃ ᠬᠥᠳᠡᠯᠮᠦᠷᠢᠴᠢᠳ ᠤᠨ ᠳᠡᠭᠡᠭᠰᠢ ᠵᠠᠭᠠᠯᠳᠤᠭᠰᠠᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠲᠣ ᠪᠣᠯᠲᠠᠯ᠎ᠠ ᠨᠡᠶᠢᠲᠡ 13 ᠬᠡᠷᠡᠭ ᠢ ᠵᠣᠬᠢᠴᠠᠭᠤᠯᠤᠨ ᠰᠢᠢᠳᠪᠦᠷᠢᠯᠡᠵᠦ᠂ 104 ᠭᠠᠷᠤᠢ ᠲᠦᠮᠡᠨ ᠲᠥᠭᠦᠷᠢᠭ ᠤᠨ ᠬᠥᠳᠡᠯᠮᠦᠷᠢ  ᠶᠢᠨ ᠬᠥᠯᠥᠰᠦ ᠣᠯᠭᠤᠮᠵᠢ ᠶᠢ ᠨᠡᠬᠡᠮᠵᠢᠯᠡᠨ ᠠᠪᠴᠤ᠂ 114 ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠠᠰᠢᠭ ᠬᠦᠷᠲᠡᠭᠡᠵᠦ᠂ 2 ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠬᠡᠷᠡᠭ ᠪᠣᠯᠭᠠᠨ ᠳᠠᠩᠰᠠᠯᠠᠨ ᠰᠢᠯᠵᠢᠭᠦᠯᠦᠨ ᠬᠦᠷᠭᠡᠵᠦ᠂ 67 ᠲᠦᠮᠡ ᠭᠠᠷᠤᠢ ᠲᠥᠭᠦᠷᠢᠭ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢ ᠨᠡᠬᠡᠮᠵᠢᠯᠡᠨ ᠠᠪᠴᠤ᠂ 24 ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠠᠰᠢᠭ ᠬᠦᠷᠲᠡᠭᠡᠪᠡ  ᠃ ᠰᠢᠶᠠᠨ ᠤ ᠰᠣᠷᠪᠤᠯᠵᠢᠯᠠᠭ᠎ᠠ ᠶᠢ ᠭᠥᠯᠢᠶᠡᠨ ᠠᠪᠬᠤ ᠬᠠᠮᠲᠤᠷᠠᠭᠰᠠᠨ ᠲᠥᠪ ᠤᠨ ᠠᠵᠢᠯ ᠲᠠᠢ ᠬᠠᠮᠵᠢᠯᠴᠠᠨ᠂ ᠴᠠᠯᠢᠩ ᠥᠷᠢᠲᠦᠬᠦ ᠲᠠᠪᠴᠠᠩ ᠤᠨ 172 ᠬᠡᠷᠡᠭ ᠤᠨ ᠰᠦᠪᠡᠭᠴᠢ ᠶᠢ ᠭᠥᠯᠢᠶᠡᠨ ᠠᠪᠴᠤ᠂ 172 ᠵᠦᠢᠯ ᠢ ᠰᠢᠢᠳᠪᠦᠷᠢᠯᠡᠨ ᠬᠠᠷᠢᠭᠤᠯᠲᠠ ᠥᠭᠴᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ 100% ᠳᠤ ᠬᠦᠷᠴᠡᠢ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号