ᠯᠢᠨᠰᠢ ᠰᠢᠶᠠᠨ ᠰᠡᠷᠭᠡᠶᠢᠯᠡᠨ ᠵᠠᠰᠠᠬᠤ ᠶᠢ ᠴᠢᠬᠤᠯᠠᠴᠢᠯᠠᠵᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠡᠢ
ᠨᠡᠶᠢᠲᠡᠯᠡᠭᠰᠡᠨ ᠴᠠᠭ᠄
2022/7/25
     ᠨᠢᠭᠡ ᠳᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠪᠠ᠃ ᠵᠢᠯ ᠤᠨ ᠡᠬᠢᠨ ᠠᠴᠠ ᠨᠠᠰᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠨᠰᠢ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠪᠣᠯᠣᠨ ︽ᠯᠢᠨᠰᠢ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠴᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ︾ ᠶᠢ ᠰᠢᠨ᠎ᠡ ᠪᠠᠷ ᠵᠠᠰᠠᠵᠤ ᠳᠠᠷᠤᠮᠠᠯᠯᠠᠨ ᠲᠠᠷᠬᠠᠭᠠᠵᠤ᠂ ︽ᠬᠤᠶᠠᠷ ᠵᠥᠪᠯᠡᠯ ᠭᠤᠷᠪᠠᠨ ᠵᠢᠭᠠᠯᠲᠠ︾ ᠶᠢᠨ ᠪᠦᠷᠢᠯᠳᠦᠭᠦᠨ ᠢ ᠪᠠᠶᠢᠭᠤᠯᠤᠭᠰᠠᠨ ᠪᠥᠭᠡᠳ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ ᠵᠣᠬᠢᠴᠠᠩᠭᠤᠢ ᠠᠵᠢᠯ ᠤᠨ ᠳᠦᠷᠢᠮ ᠢ ᠲᠣᠭᠲᠠᠭᠠᠵᠤ᠂ ︽ᠬᠤᠶᠠᠷ ᠵᠥᠪᠯᠡᠯ ᠭᠤᠷᠪᠠᠨ ᠵᠢᠭᠠᠯᠲᠠ︾ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠦᠷᠢᠨ ᠪᠦᠲᠦᠨ᠂ ᠡᠭᠦᠷᠭᠡ ᠴᠢᠳᠠᠪᠬᠢ ᠶᠢ ᠪᠦᠲᠦᠮᠵᠢᠲᠡᠢ ᠪᠠᠳᠠᠷᠠᠭᠤᠯᠬᠤ ᠶᠢ ᠪᠠᠲᠤᠯᠠᠵᠠᠢ᠃      ᠬᠤᠶᠠᠷ ᠲᠤ ᠠᠶᠤᠯᠭᠦᠢ ᠦᠢᠯᠡᠳᠪᠦᠷᠢᠯᠡᠯ ᠢ ᠲᠣᠰᠬᠠᠶᠢᠯᠠᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠶᠡᠭᠡ ᠪᠠᠷ ᠲᠦᠯᠬᠢᠨ ᠠᠬᠢᠭᠤᠯᠪᠠ᠃ ᠣᠲᠣ ᠪᠣᠯᠲᠠᠯ᠎ᠠ᠂ ᠪᠥᠬᠦ ᠰᠢᠶᠠᠨ ᠤ 10 ᠲᠤᠰᠬᠠᠢ ᠴᠡᠭᠴᠡᠯᠡᠨ ᠵᠠᠰᠠᠬᠤ ᠬᠦᠷᠢᠶᠡᠨ ᠳᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠨᠡᠶᠢᠲᠡ 1340 ᠭᠠᠷᠤᠢ ᠤᠳᠠᠭ᠎ᠠ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠬᠡᠮ ᠢ ᠨᠡᠶᠢᠲᠡ 2810 ᠵᠢᠭᠰᠠᠭᠠᠨ ᠪᠠᠶᠢᠴᠠᠭᠠᠵᠤ᠂  ᠪᠦᠬᠦᠨ ᠢ ᠴᠡᠭᠴᠡᠯᠡᠨ ᠵᠠᠰᠠᠭᠠᠳ᠂ 65.64 ᠲᠦᠮᠡᠨ ᠲᠥᠭᠦᠷᠢᠭ ᠵᠣᠭᠤᠰ ᠢᠶᠠᠷ ᠲᠣᠷᠭᠠᠵᠤ᠂ 76 ᠡᠷᠦᠬᠡ ᠶᠢ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢ ᠨᠢ ᠵᠣᠭᠰᠣᠭᠠᠨ ᠴᠡᠭᠴᠡᠯᠡᠭᠦᠯᠵᠦ᠂ 27 ᠤᠳᠠᠭᠠᠨ ᠤ ᠠᠮᠤᠷ ᠲᠦᠪᠰᠢᠨ ᠤ ᠳᠠᠯᠳᠠ ᠬᠡᠮ ᠢ ᠰᠡᠷᠡᠮᠵᠢᠯᠡᠭᠦᠯᠦᠨ ᠶᠠᠷᠢᠯᠴᠠᠵᠠᠢ᠃      ᠭᠤᠷᠪᠠ ᠳᠤ ᠠᠶᠤᠯᠭᠦᠢ ᠦᠢᠯᠡᠳᠪᠦᠷᠢᠯᠡᠯ ᠤᠨ ᠵᠠᠭᠤᠨ ᠡᠳᠦᠷ ᠤᠨ ᠠᠵᠢᠯᠯᠠᠭ᠎ᠠ ᠶᠢ ᠢᠳᠡᠪᠬᠢᠲᠡᠢ  ᠠᠬᠢᠭᠤᠯᠪᠠ ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠬᠠᠷᠢᠶ᠎ᠠ ᠣᠷᠣᠨ᠂ ᠲᠤᠰ ᠠᠵᠢᠯ ᠲᠦᠷᠦᠯ ᠤᠨ ᠢᠶᠠᠨ ᠠᠶᠤᠯᠭᠦᠢ ᠦᠢᠯᠡᠳᠪᠦᠷᠢᠯᠡᠯ ᠤᠨ ᠣᠨᠴᠠᠯᠢᠭ ᠪᠠ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠠᠢ ᠤᠶᠠᠯᠳᠤᠭᠤᠯᠤᠨ᠂ ᠪᠣᠳᠠᠲᠠᠢ ᠬᠡᠷᠡᠭᠵᠢᠭᠦᠯᠬᠦ ᠲᠥᠰᠥᠯ ᠲᠣᠭᠲᠠᠭᠠᠵᠤ᠂ ᠱᠠᠲᠤ ᠱᠠᠲᠤ ᠪᠠᠷ ᠲᠠᠶᠢᠴᠢᠯᠠᠨ ᠪᠠᠶᠢᠷᠢᠯᠠᠭᠤᠯᠵᠤ᠂ ᠠᠯᠢ ᠤᠯᠠᠨ ᠪᠦᠲᠦᠮᠵᠢᠲᠡᠶ ᠠᠵᠢᠯ ᠢ ᠥᠷᠨᠢᠭᠦᠯᠵᠦ᠂ ᠪᠦᠬᠦ ᠰᠢᠶᠠᠨ ᠢᠶᠠᠷ ᠢᠶᠠᠨ ᠨᠡᠶᠢᠳᠡ 120 ᠭᠠᠷᠤᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ 930 ᠭᠠᠷᠤᠢ ᠤᠳᠠᠭ᠎ᠠ ᠪᠠᠶᠢᠴᠠᠭᠠᠵᠤ᠂ ᠠᠰᠠᠭᠤᠳᠠᠯ ᠤᠨ ᠳᠠᠯᠳᠠ ᠭᠡᠮ ᠢ 548 ᠢᠯᠡᠷᠡᠭᠦᠯᠦᠭᠰᠡᠨ ᠪᠥᠭᠡᠳ ᠪᠦᠬᠦᠨ ᠢ ᠴᠡᠭᠴᠡᠯᠡᠨ ᠰᠠᠶᠢᠵᠢᠷᠠᠭᠤᠯᠪᠠ᠃ 35 ᠡᠷᠦᠬᠡ ᠶᠢ ᠦᠢᠯᠡᠳᠪᠦᠷᠢᠯᠡᠯ ᠡᠵᠡᠩᠨᠡᠯᠲᠡ ᠶᠢ ᠨᠢ ᠵᠣᠭᠰᠣᠭᠠᠨ ᠴᠡᠭᠴᠡᠯᠡᠭᠦᠯᠵᠦ᠂ 3 ᠡᠷᠦᠬᠡ ᠨᠢᠭᠡᠴᠡ ᠶᠢᠨ ᠡᠭᠦᠳᠡ ᠶᠢ ᠨᠢ ᠬᠠᠭᠠᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号