7 ᠰᠠᠷ᠎ᠠ ᠶᠢᠨ 18 ᠠᠴᠠ 22 ᠤᠨ ᠡᠳᠦᠷ ᠪᠣᠯᠲᠠᠯ᠎ᠠ᠂ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ︽ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠳᠠᠯ | ᠳᠣᠣᠷᠠᠬᠢ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ︾ | ᠤ ᠲᠣᠭᠤᠷᠢᠨ ᠳᠤ ᠬᠥᠬᠡᠬᠤᠲᠠ᠂ ᠤᠷᠳᠤᠰ ᠬᠤᠳᠠ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ | ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠵᠤ ᠠᠬᠤᠢ ᠶᠢᠨ | ᠵᠥᠪᠯᠡᠯ ᠤᠨ ᠳᠡᠳ᠋ ᠡᠷᠬᠢᠯᠡᠭᠴᠢ ᠶᠠᠩ ᠸᠧᠢ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ | ᠶᠠᠷᠢᠯᠴᠠᠬᠤ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠦᠨᠳᠦᠰᠦᠲᠡᠨ ᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ | ᠨᠠᠰᠤᠨᠮᠦ᠋ᠡᠭᠭᠡ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠳᠡᠳ᠋ | ᠡᠷᠬᠢᠯᠡᠭᠴᠢ ᠯᠢᠦ ᠯᠢ ᠬᠤᠸᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ | ᠶᠠᠩ ᠮᠢᠩ ᠱᠧᠩ᠂ ᠰᠧ ᠽᠧ ᠹᠦ᠋᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠶᠢᠨ | ᠵᠥᠪᠯᠡᠯ ᠤᠨ ᠭᠡᠰᠢᠭᠦᠨ ᠰᠦᠩ ᠰᠢᠨ᠂ ᠲᠦ᠋ ᠭᠤᠸᠠᠩ ᠱᠤᠤ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ | ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠤ ᠯᠢᠩ ᠬᠥᠬᠡᠬᠤᠲᠠ ᠳᠤ ᠬᠤᠷᠠᠯᠳᠤᠭᠤᠯᠤᠭᠰᠠᠨ ᠶᠠᠷᠢᠯᠴᠠᠬᠤ | ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠰᠤᠳᠤᠯᠭᠠᠨ ᠤ ᠰᠡᠳᠦᠪ ᠤᠨ ᠳᠤᠭᠤᠶᠢᠯᠠᠩ ᠤᠨ ᠪᠦᠷᠢᠯᠳᠦᠬᠦᠨ ᠳᠤ ᠥᠪᠡᠷᠲᠡᠭᠡᠨ ᠵᠠᠰᠠᠬᠤ ᠣᠷᠣᠨ ᠤ | ᠬᠥᠭᠵᠢᠯᠲᠡ ᠶᠢᠨ ᠲᠥᠯᠥᠪᠵᠢᠭᠦᠯᠭᠡ ᠶᠢᠨ ᠲᠤᠰᠬᠠᠶ ᠮᠡᠷᠭᠡᠵᠢᠯᠲᠡᠨ ᠤ ᠵᠥᠪᠯᠡᠯ ᠤᠨ ᠲᠤᠰᠬᠠᠶ ᠮᠡᠷᠭᠡᠵᠢᠯᠲᠡᠨ ᠤ | ᠤᠷᠢᠯᠭ᠎ᠠ ᠶᠢᠨ ᠪᠢᠴᠢᠭ ᠭᠠᠷᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠪᠥᠬᠦ ᠶᠠᠪᠤᠴᠠ ᠳᠤ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ | ᠪᠥᠭᠡᠳ ᠣᠷᠳᠣᠰ ᠬᠤᠲᠠ ᠳᠤ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠢ ᠡᠷᠭᠢᠯᠡᠪᠡ᠃ | ᠣᠶᠢᠯᠠᠭᠠᠭᠰᠠᠨ ᠢᠶᠠᠷ᠂ ᠡᠨᠡ ᠪᠣᠯ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠠᠴᠠ ᠭᠤᠷᠪᠠᠳᠤᠭᠠᠷ | ᠤᠳᠠᠭ᠎ᠠ ᠮᠠᠨ ᠤ ᠣᠷᠣᠨ ᠳᠤ ᠥᠷᠨᠢᠭᠦᠯᠦᠭᠰᠡᠨ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠳᠠᠯ ᠳᠣᠣᠷᠠᠬᠢ ᠥᠪᠥᠷ ᠮᠣᠩᠭᠤᠯ ᠤᠨ | ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ︾ ᠤ ᠲᠤᠰᠬᠠᠶ ᠰᠡᠳᠦᠪᠲᠦ | ᠪᠠᠶᠢᠴᠠᠭᠠᠨ ᠰᠤᠳᠤᠯᠤᠯᠲᠠ ᠪᠣᠯᠤᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ︽ᠬᠤᠤᠰ | ᠨᠡᠭᠦᠷᠡᠰᠦᠲᠥ᠋ᠷᠥᠭᠴᠢ︾ ᠶᠢᠨ ᠠᠵᠢᠯ ᠢ ᠰᠠᠶᠢᠲᠤᠷ ᠬᠢᠬᠦ ᠨᠢ ᠥᠪᠥᠷ ᠮᠣᠩᠭᠤᠯ ᠤᠨ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ | ᠃ ᠡᠨᠧᠷᠭᠢ ᠶᠢᠨ ᠪᠦᠲᠦᠴᠡ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠵᠠᠪᠠᠯ ᠬᠢᠬᠦ ᠴᠢᠬᠤᠯᠠᠲᠠᠢ | ᠪᠤᠯᠵᠤ ᠪᠠᠶᠢᠨ᠎ᠠ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠵᠦ᠂ ᠪᠦᠬᠦ ᠲᠠᠯ᠎ᠠ ᠪᠠᠷ ᠲᠥᠯᠥᠪᠵᠢᠭᠦᠯᠬᠦ ᠶᠢ | ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠡᠷᠡᠰ ᠭᠤᠶᠢᠪᠢᠰᠢ ᠦᠭᠡᠢ᠂ ᠰᠢᠨᠵᠢᠯᠡᠬᠦ ᠤᠬᠠᠭᠠᠨᠴᠢ ᠡᠮᠬᠢ | ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ | ᠰᠠᠶᠢᠲᠤᠷ ᠠᠳᠬᠤᠬᠤ ᠶᠢᠨ ᠬᠠᠮᠳᠤ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠠᠮᠢᠳᠤᠯᠢᠭ | ᠥᠭᠡᠷᠡᠴᠢᠯᠡᠯᠲᠡ ᠶᠢ ᠲᠦᠷᠭᠡᠳᠭᠡᠵᠦ᠂ ᠪᠣᠬᠢᠷᠲᠤᠯ ᠦᠭᠡᠢ ᠰᠢᠨ᠎ᠡ ᠡᠨᠧᠷᠭᠢ ᠶᠢᠨ ᠠᠵᠤ ᠦᠢᠯᠡᠰ ᠢ ᠶᠡᠭᠡ ᠪᠠᠷ | ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠡᠨᠧᠷᠭᠢ ᠶᠢᠨ ᠬᠤᠷᠣᠭᠳᠠᠭᠤᠯᠤᠯ ᠤᠨ | ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠬᠢᠵᠠᠭᠠᠷᠯᠠᠬᠤ ᠲᠦᠷᠢᠮ ᠢ ᠲᠡᠭᠦᠯᠳᠡᠷᠵᠢᠭᠦᠯᠵᠦ᠂ ︽ᠬᠤᠤᠰ | ᠨᠡᠭᠦᠷᠡᠰᠦᠲᠥ᠋ᠷᠥᠭᠴᠢ︾ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠣᠷᠣᠭᠤᠯᠵᠤ᠂ ᠡᠯ᠎ᠡ | ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠥᠪᠥᠷ ᠮᠣᠩᠭᠤᠯ ᠤᠨ ᠴᠢᠨᠠᠷ ᠰᠠᠶᠢᠲᠠᠶ | ᠬᠥᠭᠵᠢᠯᠲᠡ ᠶᠢ ᠯᠠᠪᠳᠠᠭᠤᠨ ᠪᠠᠲᠤᠲᠠᠶ ᠪᠦᠲᠦᠮᠵᠢᠲᠡᠶ ᠠᠬᠢᠭᠤᠯᠬᠤ ᠬᠡᠷᠡᠭᠲᠡᠶ ᠬᠡᠵᠥ ᠦᠵᠡᠪᠡ᠃ |