7 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠵᠢᠷᠭᠤᠳᠤᠭᠠᠷ ᠬᠤᠷᠠᠯ | ᠳᠤᠭᠤᠶᠢᠯᠠᠩ ᠬᠠᠮᠲᠤᠷᠠᠭᠰᠠᠨ ᠬᠤᠷᠠᠯ ᠬᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ | ᠵᠠᠰᠠᠯᠳᠠ ᠬᠢᠭᠰᠡᠨ ᠠᠵᠢᠯ ᠤᠨ ᠪᠠᠶᠢᠳᠠᠯ ᠢ ᠲᠤᠰᠬᠠᠶ ᠰᠡᠳᠦᠪ ᠢᠶᠠᠷ ᠠᠰᠠᠭᠤᠨ ᠯᠠᠪᠯᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ᠂ ᠳᠡᠳ᠋ ᠡᠷᠬᠢᠯᠡᠭᠴᠢ ᠯᠢ ᠷᠦᠩ ᠰᠢ᠂ ᠳ᠋ᠤᠸᠠᠨ | ᡁᠢ ᠴᠢᠶᠠᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠤ᠂ | ᠳᠡᠳ᠋ ᠡᠷᠬᠢᠯᠡᠭᠴᠢ ᠵᠠᠩ ᠶᠤᠸᠠᠨ ᠵᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ ᠵᠧᠩ ᠭᠤᠸᠠᠩ ᠵᠤᠤ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠢ ᠲᠦᠯᠦᠭᠡᠯᠡᠨ ᠦᠭᠡ ᠬᠡᠯᠡᠵᠠᠢ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠪᠠ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢ 6 ᠬᠦᠮᠦᠨ᠂ ᠮᠡᠬᠡᠯᠡᠯ ᠢ ᠡᠰᠡᠷᠭᠦᠴᠡᠬᠦ ︽ᠰᠡᠷᠭᠡᠶᠢᠯᠡᠯᠲᠡ ᠶᠢᠨ ᠬᠡᠷᠡᠮ︾ ᠢ | ᠪᠠᠶᠢᠭᠤᠯᠬᠤ᠂ ᠠᠷᠠᠳ ᠢᠷᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ᠂ ᠴᠠᠬᠢᠯᠭᠠᠨ | ᠬᠤᠯᠪᠣᠭᠠᠨ ᠤ ᠠᠵᠢᠯ ᠲᠥᠷᠥᠯ ᠤᠨ ᠵᠠᠰᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠠᠰᠠᠭᠤᠨ ᠯᠠᠪᠯᠠᠬᠤ ᠳᠤ᠂ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠬᠠᠢ ᠶᠢᠨ | ᠲᠠᠯᠠᠪᠠᠢ ᠳᠤ ᠬᠠᠷᠢᠭᠤᠯᠲᠠ ᠥᠭᠪᠡ᠃ | ᠵᠧᠩ ᠭᠤᠸᠠᠩ ᠵᠣᠣ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠣᠰ ᠤᠳᠠᠭ᠎ᠠ ᠶᠢᠨ | ᠲᠤᠰᠬᠠᠶ ᠰᠡᠳᠦᠪᠲᠦ ᠮᠡᠳᠡᠭᠦᠯᠦᠯᠲᠡ ᠪᠠ ᠠᠰᠠᠭᠤᠨ ᠯᠠᠪᠯᠠᠬᠤ ᠪᠠᠷ ᠲᠣᠬᠢᠶᠠᠯ ᠪᠣᠯᠭᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠨᠠᠩ ᠤᠬᠠᠮᠰᠠᠷ ᠠᠴᠠ ᠪᠠᠨ | ᠬᠦᠯᠢᠶᠡᠵᠦ᠂ ᠨᠠᠩ ᠥᠨᠳᠥᠷ ᠵᠣᠭᠰᠣᠴᠠ ᠠᠴᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠩ ᠶᠡᠭᠡ | ᠡᠷᠴᠢᠮ ᠢᠶᠠᠷ ᠰᠡᠷᠭᠡᠶᠢᠯᠡᠨ ᠡᠵᠡᠮᠳᠡᠬᠦ ᠲᠤᠤᠷ ᠢ ᠪᠠᠲᠤ ᠴᠣᠭᠴᠠᠯᠠᠵᠤ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠴᠣᠬᠢᠯᠲᠠ | ᠥᠭᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠩ ᠥᠷᠭᠡᠨ ᠬᠦᠷᠢᠶ᠎ᠡ ᠴᠠᠷᠠᠭ᠎ᠠ ᠪᠠᠷ ᠵᠠᠰᠠᠯᠲᠠ ᠶᠢᠨ | ᠬᠠᠮᠲᠤᠷᠠᠯ ᠬᠦᠴᠦᠨ ᠢ ᠪᠦᠷᠢᠯᠳᠦᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠯᠳᠠ ᠬᠢᠬᠦ ᠠᠵᠢᠯ ᠤᠨ ᠴᠢᠳᠠᠪᠤᠷᠢ ᠶᠢᠨ ᠲᠦᠪᠰᠢᠨ ᠢ | ᠴᠢᠨᠠᠭᠰᠢᠳᠠ ᠳᠡᠭᠡᠭᠰᠢᠯᠡᠭᠦᠯᠦᠨ᠎ᠡ ᠭᠡᠵᠦ ᠢᠯᠡᠷᠬᠡᠶᠢᠯᠡᠪᠡ᠃ | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠲᠤᠪᠤᠶᠢᠯᠭᠠᠨ᠂ ᠵᠣᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠴᠣᠬᠢᠯᠲᠠ ᠥᠭᠬᠦ ᠬᠠᠮᠲᠤᠷᠠᠯ ᠬᠦᠴᠦᠨ ᠢ ᠪᠦᠷᠢᠯᠳᠦᠭᠦᠯᠦᠨ᠂ ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠤᠨ ᠡᠵᠡᠮᠳᠡᠬᠦ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠪᠥᠬᠦ | ᠬᠡᠯᠬᠢᠶ᠎ᠡ ᠶᠢ ᠭᠦᠨᠵᠡᠭᠡᠶᠢᠷᠡᠭᠦᠯᠦᠨ ᠴᠣᠬᠢᠯᠲᠠ ᠥᠭᠬᠦ ᠶᠢ ᠪᠠᠷᠢᠮᠲᠠᠯᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠵᠢᠴᠢ ᠳᠡᠭᠡᠷ᠎ᠡ ᠳᠤᠤᠷ᠎ᠠ ᠬᠡᠯᠬᠢᠶ᠎ᠡ ᠲᠠᠢ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠴᠣᠬᠢᠯᠲᠠ ᠥᠭᠴᠦ ᠵᠠᠰᠠᠯᠳᠠ ᠬᠢᠭᠦ ᠠᠵᠢᠯ ᠤᠨ | ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠡᠬᠢ ᠦᠨᠳᠦᠰᠦ ᠠᠴᠠ ᠨᠢ | ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠮᠡᠬᠡᠯᠡᠯ ᠢ ᠡᠰᠡᠷᠭᠦᠴᠡᠬᠦ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ | ᠲᠣᠰᠬᠤᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠠᠵᠤ | ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠮᠡᠬᠡᠯᠡᠯ ᠢ | ᠰᠡᠷᠭᠡᠶᠢᠯᠡᠬᠦ ᠮᠡᠭᠡᠯᠡᠯ ᠢ ᠡᠰᠡᠷᠬᠦᠴᠡᠬᠦ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠪᠦᠷᠢᠯᠳᠦᠬᠦᠨ ᠨᠡᠷ ᠤᠨ ᠬᠢᠨᠠᠨ ᠵᠥᠪᠯᠡᠭᠰᠡᠨ ᠪᠠ ᠠᠰᠠᠭᠤᠨ ᠯᠠᠪᠯᠠᠬᠰᠠᠨ ᠰᠠᠨᠠᠯ ᠲᠠᠢ | ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠰᠡᠨ ᠰᠠᠨᠠᠯ ᠢ ᠬᠢᠨᠠᠮᠠᠭᠠᠶ ᠰᠤᠳᠤᠯᠤᠨ ᠳᠤᠷᠠᠳᠴᠤ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠳᠤ ᠲᠤᠰᠢᠶᠠᠨ ᠰᠢᠢᠳᠪᠦᠷᠢᠯᠡᠭᠦᠯᠬᠦ ᠶᠢᠨ ᠬᠠᠮᠲᠤ ᠴᠠᠭ ᠲᠤᠬᠠᠶ ᠳᠤᠨᠢ ᠬᠠᠷᠢᠭᠤ | ᠲᠤᠰᠬᠠᠬᠤ ᠬᠡᠷᠡᠭᠲᠡᠶ ᠭᠡᠵᠦ ᠱᠠᠭᠠᠷᠳᠠᠪᠠ᠃ |