7 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ | ᠴᠢᠶᠠᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠨᠧᠷᠭᠢ ᠶᠢᠨ ᠪᠦᠲᠦᠴᠡ ᠶᠢᠨ ᠬᠡᠯᠪᠡᠷᠢ ᠶᠢ | ᠬᠤᠪᠢᠷᠠᠭᠤᠯᠬᠤ ᠳᠤ ᠵᠣᠬᠢᠴᠠᠭᠰᠠᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠬᠤ ᠲᠤᠬᠠᠢ ᠰᠤᠳᠤᠯᠵᠠᠢ᠃ | ᠬᠤᠸᠠᠩ ᡁᠢ ᠴᠢᠶᠠᠩ ᠬᠡᠯᠡᠬᠦ ᠳᠤ ᠪᠠᠨ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠨᠢ | ᠰᠢᠰᠲ᠋ᠧᠮᠲᠦ ᠴᠢᠨᠠᠷ᠂ ᠪᠤᠳᠤᠯᠢᠶᠠᠨᠲᠤ ᠴᠢᠨᠠᠷ ᠵᠡᠷᠭᠡ ᠣᠨᠴᠠᠯᠢᠭ ᠲᠠᠢ ᠪᠠᠶᠢᠳᠠᠭ᠂ ᠰᠢᠨ᠎ᠡ ᠡᠨᠧᠷᠭᠢ ᠶᠢ ᠶᠡᠭᠡ ᠪᠠᠷ | ᠨᠡᠭᠡᠭᠡᠨ ᠬᠥᠭᠵᠢᠭᠦᠯᠵᠦ ᠶᠡᠭᠡ ᠪᠠᠷ ᠪᠦᠲᠦᠭᠡᠨ ᠪᠠᠶᠢᠭᠤᠯᠬᠤ ᠴᠢᠬᠤᠯᠠ ᠶᠡᠭᠡ ᠲᠡᠦᠬᠡᠨ ᠠᠵᠠ ᠲᠣᠬᠢᠶᠠᠯ ᠢ ᠡᠵᠡᠮᠳᠡᠵᠦ᠂ | ᠠᠵᠢᠯ ᠤᠨ ᠪᠠᠷᠠᠭᠠᠯᠬᠢᠯᠠᠯᠳᠤ ᠴᠢᠨᠠᠷ᠂ ᠰᠠᠨᠠᠭᠠᠴᠢᠯᠠᠭᠠᠲᠤ ᠴᠢᠨᠠᠷ᠂ ᠵᠣᠬᠢᠴᠠᠯᠳᠤᠬᠤ ᠴᠢᠨᠠᠷ ᠢ ᠴᠢᠩᠭᠠᠷᠠᠭᠤᠯᠤᠨ᠂ ᠨᠠᠩ | ᠶᠡᠭᠡ ᠡᠷᠴᠢᠮ ᠢᠶᠠᠷ ᠰᠢᠨ᠎ᠡ ᠶᠢ ᠡᠭᠦᠳᠬᠦ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠥᠭᠡᠷᠡᠴᠢᠯᠡᠯᠲᠡ ᠶᠢᠨ ︽ᠳᠠᠭᠠᠭᠤᠯᠤᠭᠴᠢ︾ ᠪᠣᠯᠬᠤ ᠪᠠᠷ ᠴᠢᠷᠮᠠᠶᠢᠵᠤ᠂ ᠪᠥᠬᠦ ᠤᠯᠤᠰ ᠤᠨ | ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠳᠤ ᠨᠠᠩ ᠣᠯᠠᠨ ᠲᠤᠷᠰᠢᠯᠲᠠ ᠶᠢᠨ ᠴᠡᠭ ᠤᠨ | ᠲᠤᠷᠰᠢᠯᠭ᠎ᠠ ᠪᠠ ᠲᠡᠷᠢᠭᠦᠨ ᠤ ᠥᠯᠢᠭᠡᠷ ᠵᠢᠱᠢᠶ᠎ᠡ ᠬᠠᠩᠭᠠᠬᠤ ᠬᠡᠷᠡᠭᠲᠡᠢ᠃ ᠴᠠᠬᠢᠯᠭᠠᠨ ᠬᠦᠴᠦᠨ ᠤ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠳᠤᠮᠳᠠᠬᠢ ᠴᠠᠬᠢᠯᠭᠠᠨ ᠤ ᠦᠨ᠎ᠡ ᠶᠢᠨ ᠥᠭᠡᠷᠡᠴᠢᠯᠡᠯᠲᠡ ᠶᠢᠨ ᠵᠠᠩᠭᠢᠯᠠᠭ᠎ᠠ ᠶᠢ | ᠴᠢᠩᠭ᠎ᠠ ᠠᠳᠬᠤᠵᠤ᠂ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ | ᠬᠡᠷᠡᠭᠴᠡᠭᠡ ᠳᠤ ᠰᠠᠭᠤᠷᠢᠯᠠᠨ᠂ ᠣᠷᠭᠢᠯ ᠦᠶ᠎ᠡ ᠶᠢᠨ ᠲᠣᠬᠢᠷᠠᠭᠤᠯᠤᠯᠲᠠ᠂ ᠪᠡᠯᠡᠳᠬᠡᠯ ᠵᠡᠷᠭᠡ ᠥᠪᠡᠷ ᠤᠨ ᠥᠷᠲᠡᠭ ᠢ | ᠲᠤᠰᠬᠠᠭᠰᠠᠨ ᠰᠢᠨ᠎ᠡ ᠡᠨᠧᠷᠭᠢ ᠶᠢᠨ ᠴᠠᠬᠢᠯᠭᠠᠨ ᠤ ᠦᠨ᠎ᠡ ᠶᠢᠨ ᠠᠷᠠᠯᠵᠢᠶᠠᠨ ᠤ ᠰᠢᠨ᠎ᠡ ᠵᠠᠭᠪᠤᠷ ᠢ ᠱᠠᠯᠠᠪᠳᠠᠨ | ᠰᠦᠪᠡᠭᠴᠢᠯᠡᠨ ᠪᠠᠶᠢᠭᠤᠯᠵᠤ᠂ ᠨᠠᠩ ᠶᠡᠭᠡ ᠬᠡᠪᠴᠢᠶᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠᠷ | ᠳᠠᠮᠵᠢᠭᠤᠯᠤᠨ᠂ ᠡᠯ᠎ᠡ ᠲᠥᠷᠥᠯ ᠤᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠲᠤ ᠣᠷᠤᠯᠴᠠᠬᠤ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠪᠠ ᠬᠦᠳᠡᠯᠭᠡᠬᠦ ᠬᠦᠴᠦᠨ ᠢ ᠪᠤᠶᠢᠵᠢᠭᠤᠯᠤᠨ ᠬᠥᠭᠵᠢᠭᠡᠵᠦ᠂ | ᠥᠭᠡᠷᠡᠴᠢᠯᠡᠯᠲᠡ ᠶᠢᠨ ᠠᠰᠢᠭ ᠢ ᠬᠠᠮᠲᠤ ᠪᠠᠷ ᠬᠦᠷᠲᠡᠬᠦ ᠶᠢᠨ ᠬᠠᠮᠲᠤ᠂ ᠴᠠᠬᠢᠯᠭᠠᠨ ᠬᠦᠴᠦᠨ ᠤ ᠠᠮᠤᠷ ᠲᠣᠭᠲᠠᠭᠤᠨ | ᠬᠠᠩᠭᠠᠯᠭ᠎ᠠ ᠶᠢ ᠪᠠᠲᠤᠯᠠᠬᠤ᠂ ᠡᠨᠧᠷᠭᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠶᠢᠨ ᠬᠤᠪᠢᠷᠠᠭᠤᠯᠤᠯᠲᠠ ᠳᠤ ᠦᠢᠯᠡᠴᠢᠯᠡᠬᠦ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ | ᠪᠠᠶᠢᠭᠤᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠡᠢ᠃ |