ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥᠭᠬᠦ ᠵᠥᠪᠯᠡᠯ ᠪᠠᠶᠢᠭᠤᠯᠤᠭᠳᠠᠬᠤ ᠶᠡᠭᠡ ᠬᠤᠷᠠᠯ ᠵᠢᠴᠢ ︽ᠬᠤᠣᠰ ᠲᠡᠷᠢᠭᠦᠨ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠬᠤᠷᠠᠯᠳᠤᠭᠤᠯᠪᠠ ᠶᠢᠨ ᠯᠢ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2022/7/28
      7 ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥᠭᠬᠦ ᠵᠥᠪᠯᠡᠯ ᠪᠠᠶᠢᠭᠤᠯᠤᠭᠳᠠᠬᠤ ᠶᠡᠭᠡ ᠬᠤᠷᠠᠯ ᠵᠢᠴᠢ ︽ᠬᠤᠣᠰ ᠲᠡᠷᠢᠭᠦᠨ ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠵᠤ᠂ ᠹᠦᠳᠠᠨ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠵᠥᠪᠯᠡᠯᠭᠡ ᠥᠭᠬᠦ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠶᠢᠨ ᠯᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃         ᠶᠢᠨ ᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠨᠠᠮ ᠪᠣᠯᠣᠨ ᠤᠯᠤᠰ ᠠᠴᠠ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠳᠤ ᠪᠠᠶᠢᠭᠤᠯᠤᠭᠰᠠᠨ ᠠᠩᠬᠠᠳᠠᠭᠴᠢ ᠶᠡᠷᠦᠩᠬᠡᠶᠢᠯᠡᠭᠰᠡᠨ ᠶᠡᠭᠡ ᠰᠤᠷᠭᠠᠭᠤᠯᠢ ᠪᠠᠶᠢᠵᠤ᠂ ᠤᠷᠳᠤ ᠬᠤᠭᠤᠴᠠᠭ᠎ᠠ ᠪᠠᠷ ᠤᠮᠠᠷᠠᠲᠤ ᠬᠢᠯᠢ ᠬᠢᠵᠠᠭᠠᠷ ᠣᠷᠣᠨ ᠳᠤ ᠦᠨᠳᠦᠰᠦᠯᠡᠵᠦ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠤᠯᠠᠨ ᠵᠢᠯ ᠤᠨ ᠲᠤᠷᠰᠢ ᠹᠦᠳᠠᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠶᠡᠭᠡ ᠰᠤᠷᠭᠠᠭᠤᠯᠢ ᠤᠯᠠᠨ ᠬᠦᠷᠢᠶᠡᠨ ᠳᠤ ᠠᠵᠢᠯ ᠲᠦᠷᠦᠯ ᠤᠨ ᠰᠢᠰᠲ᠋ᠧᠮ ᠤᠨ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠵᠥᠪᠯᠡᠯ ᠤᠨ ᠪᠠᠶᠢᠭᠤᠯᠤᠭᠳᠠᠭᠰᠠᠨ ᠨᠢ ᠬᠦᠴᠦ ᠪᠠᠨ ᠨᠡᠩ ᠬᠠᠮᠲᠤᠳᠬᠠᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠢᠨ᠎ᠡ ᠨᠢᠭᠡᠨ ᠡᠭᠡᠯᠵᠢ ᠶᠢᠨ ︽ᠬᠤᠣᠰ ᠲᠡᠷᠢᠭᠦᠨ︾ ᠤ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠷᠢᠭᠦᠨ ᠤ ᠴᠢᠳᠠᠪᠤᠷᠢᠲᠠᠨ ᠢ ᠬᠥᠮᠥᠵᠢᠭᠦᠯᠬᠦ ᠶᠢ ᠳᠡᠮᠵᠢᠵᠦ᠂ ᠲᠡᠷᠢᠭᠦᠨ ᠤ ᠦᠷ᠎ᠡ ᠪᠦᠲᠦᠭᠡᠯ ᠭᠠᠷᠭᠠᠵᠤ᠂ ᠲᠡᠷᠢᠭᠦᠨ ᠤ ᠬᠤᠪᠢ ᠨᠡᠮᠡᠷᠢ ᠦᠵᠡᠭᠦᠯᠬᠦ ᠶᠢ ᠬᠠᠷᠠᠭᠤᠯᠵᠤ ᠪᠠᠶᠢᠨ᠎ᠠ ᠭᠡᠪᠡ᠃      ᠪᠦᠦ ᠰᠢᠶᠠᠨ ᠬᠤᠸᠠ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥᠭᠬᠦ ᠵᠥᠪᠯᠡᠯ ᠢ ᠪᠠᠶᠢᠭᠤᠯᠵᠤ ︽ᠬᠤᠣᠰ ᠲᠡᠷᠢᠭᠦᠨ︾ ᠤ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ 2019 ᠣᠨ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠃ ᠣᠳᠣᠬᠠᠨ ᠳᠤ ᠥᠪᠥᠷ ᠮᠣᠩᠭᠤᠯ ᠶᠠᠭ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠲᠤ ᠣᠷᠣᠰᠢᠵᠤ᠂ ᠴᠢᠨᠠᠷᠯᠢᠭ ᠰᠤᠷᠭᠠᠨ ᠬᠥᠮᠦᠵᠢᠯ᠂ ᠳᠡᠭᠡᠳᠦ ᠲᠡᠰ ᠤᠨ ᠴᠢᠳᠠᠪᠤᠷᠢᠲᠠᠨ᠂ ᠥᠨᠳᠥᠷ ᠲᠦᠪᠰᠢᠨ  ᠲᠠᠢ ᠰᠢᠨ᠎ᠡ ᠡᠭᠦᠳᠦᠯᠲᠡ ᠶᠢᠨ ᠬᠡᠷᠡᠭᠴᠡᠭᠡ ᠶᠢ ᠮᠠᠰᠢ ᠲᠤᠯᠭᠠᠮ᠎ᠠ ᠱᠠᠭᠠᠷᠳᠠᠵᠤ ᠪᠠᠶᠢᠨ᠎ᠠ᠃ ᠡᠯ᠎ᠡ ᠮᠡᠷᠭᠡᠵᠢᠯᠲᠡᠳ ᠤᠨ ︽ᠦᠵᠡᠯ ᠰᠠᠨᠠᠭᠠᠨ ᠤ ᠬᠥᠮᠥᠷᠭᠡ︾ ᠪᠠ ︽ᠤᠬᠠᠭᠠᠨᠲᠠᠳ ᠤᠨ ᠪᠦᠯᠬᠦᠮ︾ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠢᠯᠠᠩᠭᠤᠶ᠎ᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ ᠭᠡᠵᠡᠢ᠃      ᠣᠶᠢᠯᠠᠭᠠᠭᠰᠠᠨ ᠢᠶᠠᠷ᠂ ᠵᠥᠪᠯᠡᠯᠭᠡ ᠥᠭᠬᠦ ᠵᠥᠪᠯᠡᠯ ᠨᠢ ᠬᠤᠯᠪᠣᠭᠳᠠᠯ ᠪᠦᠬᠦᠢ ᠰᠢᠨᠵᠢᠯᠡᠭᠡᠨ ᠤ ᠰᠠᠯᠠᠭ᠎ᠠ ᠶᠢᠨ ᠴᠢᠬᠤᠯᠠ ᠶᠡᠭᠡ ᠨᠥᠯᠥᠭᠡ ᠪᠦᠬᠦᠢ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ᠂ ᠬᠥᠮᠦᠯᠢᠭ ᠨᠡᠶᠢᠭᠡᠮ ᠰᠢᠨᠵᠢᠯᠡᠬᠦ ᠤᠬᠠᠭᠠᠨ ᠤ ᠨᠠᠷᠠᠲᠤ ᠮᠡᠷᠭᠡᠵᠢᠯᠲᠡᠨ ᠢᠶᠠᠷ ᠪᠦᠷᠢᠯᠳᠦᠪᠡ᠃ ᠬᠤᠷᠠᠯ ᠤᠨ ᠬᠤᠭᠤᠴᠠᠭᠠᠨ ᠳᠤ᠂ ᠹᠦᠳᠠᠨ ᠶᠡᠭᠡ ᠰᠤᠷᠭᠠᠭᠤᠯᠢ ᠶᠢᠨ ᠤᠤᠯ ᠤᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠵᠥᠪᠯᠡᠯ ᠤᠨ ᠡᠷᠬᠢᠯᠡᠭᠴᠢ ᠭᠡᠰᠢᠭᠦᠨ ᠰᠢᠦᠢ ᠨᠢᠩ ᠱᠧᠩ ᠵᠡᠷᠭᠡ 19 ᠭᠡᠰᠢᠭᠦᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠤᠶᠠᠯᠳᠤᠭᠤᠯᠬᠤ ᠠᠷᠭ᠎ᠠ ᠪᠠᠷ ᠳᠠᠮᠵᠢᠭᠤᠯᠤᠨ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠴᠢᠳᠠᠪᠤᠷᠢᠲᠠᠨ ᠢ ᠬᠥᠲᠥᠯᠥᠨ ᠬᠥᠮᠥᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠵᠢᠯᠤᠭᠤᠳᠬᠤ ᠰᠠᠨᠠᠯ ᠪᠠ ᠬᠤᠯᠪᠣᠭᠳᠠᠯ ᠪᠦᠬᠦᠢ ᠰᠠᠨᠠᠭᠤᠯᠭ᠎ᠠ ᠳᠤᠷᠠᠳᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号