7 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ | ᠴᠢᠶᠠᠩ ᠨᠡᠭᠦᠷᠡᠰᠦᠨ ᠤ ᠲᠡᠭᠡᠭᠡᠪᠦᠷᠢ ᠶᠢᠨ ᠲᠡᠮᠦᠷ ᠵᠠᠮ ᠪᠠ ᠬᠢᠯᠢ ᠠᠯᠤᠰᠯᠠᠭᠰᠠᠨ ᠲᠡᠮᠦᠷ ᠵᠠᠮ ᠤᠨ ᠰᠠᠭᠤᠳᠠᠯ ᠤᠨ | ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠤ ᠳᠣᠲᠣᠷᠠᠬᠢ ᠭᠤᠣᠯ ᠪᠣᠯᠬᠤ ᠲᠡᠮᠦᠷ ᠵᠠᠮ ᠤᠨ ᠲᠡᠭᠡᠭᠡᠪᠦᠷᠢ ᠶᠢᠨ | ᠠᠵᠤ ᠠᠬᠤᠶᠢᠯᠠᠯ ᠲᠠᠢ ᠰᠠᠨᠠᠯ ᠢᠶᠠᠨ ᠰᠣᠯᠢᠯᠴᠠᠵᠤ᠂ ᠨᠡᠭᠦᠷᠡᠰᠦᠨ ᠤ ᠲᠡᠭᠡᠭᠡᠪᠦᠷᠢ ᠶᠢᠨ ᠨᠡᠪᠲᠡᠷᠡᠬᠦ ᠵᠠᠮ ᠢ ᠰᠠᠭᠠᠳ | ᠦᠭᠡᠢ ᠨᠡᠪᠲᠡᠷᠡᠭᠦᠯᠬᠦ ᠪᠠ ᠬᠢᠯᠢ ᠠᠯᠤᠰᠯᠠᠭᠰᠠᠨ ᠲᠡᠮᠦᠷ ᠵᠠᠮ ᠢ ᠬᠤᠯᠪᠤᠭᠠᠯᠠᠨ ᠨᠡᠪᠲᠡᠷᠡᠭᠦᠯᠬᠦ ᠲᠤᠬᠠᠢ ᠤᠯᠠᠮ ᠨᠢᠭᠡ | ᠠᠯᠬᠤᠮ ᠰᠤᠳᠤᠯᠵᠠᠢ᠃ | ᠬᠤᠸᠠᠩ ᡁᠢ ᠴᠢᠶᠠᠩ ᠬᠡᠯᠡᠬᠦ ᠳᠤ ᠪᠠᠨ᠂ ᠨᠡᠭᠦᠷᠡᠰᠦᠨ ᠤ ᠲᠡᠭᠡᠭᠡᠪᠦᠷᠢ ᠶᠢᠨ ᠨᠡᠪᠲᠡᠷᠡᠬᠦ ᠵᠠᠮ ᠢ ᠰᠠᠭᠠᠳ ᠦᠭᠡᠢ | ᠨᠡᠪᠲᠡᠷᠡᠭᠦᠯᠬᠦ ᠶᠢ ᠪᠠᠲᠤᠯᠠᠬᠤ᠂ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠨᠢ ᠤᠯᠤᠰ ᠤᠨ ᠡᠨᠧᠷᠭᠢ ᠶᠢᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠣᠯᠣᠨ ︽ᠨᠢᠭᠡ ᠪᠦᠰᠡ | ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠱᠠᠭᠠᠷᠳᠠᠯᠭ᠎ᠠ ᠪᠣᠯᠣᠨ᠎ᠠ᠃ | ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠤᠯᠤᠰ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠴᠢᠬᠤᠯᠠ ᠠᠵᠠ ᠲᠣᠬᠢᠶᠠᠯ ᠢ | ᠴᠢᠩᠭ᠎ᠠ ᠠᠳᠬᠤᠵᠤ᠂ ᠪᠠᠶᠢᠷᠢᠰᠢᠯᠠᠭᠤᠯᠤᠯᠲᠠ ᠨᠢ ᠵᠦᠢ ᠵᠣᠬᠢᠰᠲᠠᠢ᠂ ᠴᠢᠳᠠᠮᠵᠢ ᠨᠢ ᠪᠦᠷᠢᠨ ᠲᠡᠭᠦᠯᠳᠡᠷ᠂ ᠳᠥᠭᠦᠮ | ᠳᠥᠲᠡ ᠮᠦᠷᠲᠡᠭᠡᠨ ᠥᠨᠳᠥᠷ ᠪᠦᠲᠦᠮᠵᠢᠲᠡᠶ᠂ ᠠᠮᠤᠷ ᠲᠦᠪᠰᠢᠨ ᠪᠥᠭᠡᠳ ᠣᠶᠤᠨᠴᠢᠯᠠᠭᠰᠠᠨ ᠨᠡᠭᠦᠷᠡᠰᠦᠨ ᠤ | ᠲᠡᠭᠡᠭᠡᠪᠦᠷᠢ ᠶᠢᠨ ᠨᠡᠪᠲᠡᠷᠡᠬᠦ ᠵᠠᠮ ᠤᠨ ᠲᠣᠣᠷ ᠪᠠ ᠬᠢᠯᠢ ᠠᠯᠤᠰᠯᠠᠭᠰᠠᠨ ᠲᠡᠮᠦᠷ ᠵᠠᠮ ᠤᠨ ᠲᠣᠣᠷ ᠢ ᠲᠦᠷᠭᠡᠪᠴᠢᠯᠡᠨ | ᠪᠠᠶᠢᠭᠤᠯᠬᠤ ᠬᠡᠷᠡᠭᠲᠡᠢ᠃ ᠨᠡᠭᠦᠷᠡᠰᠦᠨ ᠤ ᠲᠡᠭᠡᠭᠡᠪᠦᠷᠢ ᠶᠢᠨ ᠪᠠᠲᠤᠯᠠᠭ᠎ᠠ ᠶᠢ ᠴᠢᠩᠭᠠᠳᠬᠠᠵᠤ᠂ ᠣᠷᠣᠨ ᠤ ᠳᠣᠲᠣᠷᠠᠬᠢ | ᠭᠤᠣᠯ ᠪᠣᠯᠬᠤ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠳ ᠵᠣᠬᠢᠴᠠᠭᠤᠯᠤᠨ ᠬᠠᠮᠵᠢᠯᠴᠠᠵᠤ᠂ ᠠᠳᠠᠯᠢ | ᠪᠤᠰᠤ ᠴᠢᠭᠯᠡᠯ ᠤᠨ ᠲᠡᠭᠡᠭᠡᠪᠦᠷᠢ ᠶᠢᠨ ᠬᠦᠴᠦᠨ ᠤ ᠨᠡᠪᠲᠡᠷᠡᠬᠦ ᠵᠠᠮ ᠢ ᠢᠳᠡᠪᠬᠢᠲᠡᠢ ᠪᠠᠷ ᠨᠡᠭᠡᠭᠡᠵᠦ᠂ ᠲᠡᠭᠡᠭᠡᠪᠦᠷᠢ ᠶᠢᠨ | ᠬᠦᠴᠦᠨ ᠤ ᠭᠦᠢᠴᠡᠳ ᠬᠠᠩᠭᠠᠯᠭ᠎ᠠ ᠶᠢ ᠪᠠᠲᠤᠯᠠᠵᠤ᠂ ᠡᠨᠧᠷᠭᠢ ᠶᠢᠨ ᠡᠬᠢ ᠪᠠᠶᠠᠯᠢᠭ ᠤᠨ ᠠᠮᠤᠷ ᠲᠣᠭᠲᠠᠭᠤᠨ | ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠱᠠᠲᠤ ᠦᠶ᠎ᠡ ᠶᠢᠨ ᠬᠢᠯᠢ ᠠᠯᠤᠰᠯᠠᠭᠰᠠᠨ ᠲᠡᠮᠦᠷ ᠵᠠᠮ ᠤᠨ | ᠶᠡᠭᠡ ᠪᠦᠲᠦᠭᠡᠨ ᠪᠠᠶᠢᠭᠤᠯᠤᠯᠲᠠ᠂ ᠶᠡᠭᠡ ᠬᠤᠯᠪᠤᠭᠠᠯᠠᠯ ᠢᠶᠠᠷ ᠠᠵᠠ ᠲᠣᠬᠢᠶᠠᠯ ᠪᠣᠯᠭᠠᠵᠤ᠂ ᠬᠢᠯᠢ ᠶᠢᠨ ᠪᠣᠭᠤᠮᠲᠠ ᠶᠢᠨ | ᠬᠥᠭᠵᠢᠯᠲᠡ ᠶᠢᠨ ᠲᠥᠯᠦᠪᠵᠢᠭᠦᠯᠭᠡ ᠶᠢ ᠪᠦᠬᠦ ᠲᠠᠯ᠎ᠠ ᠪᠠᠷ ᠰᠢᠯᠢᠳᠡᠭᠵᠢᠭᠦᠯᠦᠨ ᠲᠡᠰ ᠳᠡᠪᠰᠢᠭᠦᠯᠵᠦ᠂ ᠪᠣᠬᠢᠷᠳᠤᠯ | ᠦᠭᠡᠢ᠂ ᠠᠮᠤᠷ ᠲᠦᠪᠰᠢᠨ᠂ ᠥᠨᠳᠥᠷ ᠪᠦᠲᠦᠮᠵᠢᠲᠡᠢ᠂ ᠣᠶᠤᠨᠴᠢ ᠤᠯᠠᠨ ᠤᠯᠤᠰ ᠤᠨ ᠣᠳᠣᠬᠢᠴᠢᠯᠠᠭᠰᠠᠨ | ᠬᠢᠯᠢ ᠶᠢᠨ ᠪᠣᠭᠤᠮᠲᠠ ᠶᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠤᠯᠤᠰ ᠤᠨ ᠳᠡᠮᠵᠢᠯᠭᠡ ᠶᠢ ᠣᠯᠬᠤ ᠪᠠᠷ | ᠢᠳᠡᠪᠬᠢᠲᠡᠢ ᠴᠢᠷᠮᠠᠶᠢᠵᠤ᠂ ᠮᠠᠨᠳᠤᠯ᠂ ᠭᠠᠭᠴᠠᠮᠣᠳᠤ ᠵᠡᠷᠭᠡ ᠬᠢᠯᠢ ᠶᠢᠨ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ | ᠵᠠᠮ ᠤᠨ ᠲᠦᠷᠦᠯ ᠵᠦᠢᠯ ᠢ ᠡᠷᠲᠡᠬᠡᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠳᠤ | ᠣᠷᠣᠭᠤᠯᠬᠤ ᠬᠡᠷᠡᠭᠲᠡᠢ ᠭᠡᠵᠡᠢ᠃ |