ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 9.8 ᠳ᠋ᠦᠩᠰᠢᠭᠤᠷ ᠲᠥᠭᠦᠷᠢᠭ ᠲᠣᠬᠢᠷᠠᠭᠤᠯᠵᠤ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠪᠡ
ᠨᠡᠶᠢᠲᠡᠯᠡᠭᠰᠡᠨ ᠴᠠᠭ᠄
2022/7/4
     ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ 2022 ᠣᠨ ᠠᠴᠠ ᠨᠠᠭᠠᠰᠢ᠂ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠮᠠᠨ ᠤ ᠣᠷᠣᠨ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠰᠢᠨ᠎ᠡ ᠵᠠᠭᠪᠤᠷ ᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 9.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠵᠠᠰᠠᠭ ᠤᠨ ᠣᠷᠳᠣᠨ ᠤ ᠰᠲ᠋ᠣᠺ ᠤᠨ ᠡᠷᠬᠡ ᠪᠠᠷ ᠪᠡᠯᠡ ᠭᠠᠷᠭᠠᠬᠤ ᠠᠷᠭ᠎ᠠ ᠪᠠᠷ ᠮᠠᠯᠵᠢᠯ ᠤᠨ ᠲᠠᠯᠠᠪᠠᠢ ᠶᠢ ᠳᠡᠮᠵᠢᠪᠡ᠃      ᠡᠨᠡ ᠬᠦ ᠶᠠᠪᠤᠴᠠ ᠳᠤ᠂ ᠥᠪᠥᠷ ᠮᠣᠩᠭᠤᠯ ᠤᠨ ᠿᠢ ᠰᠢᠨ ᠪᠡᠯᠡ ᠣᠷᠣᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ︵ᠳᠣᠷᠣᠭᠰᠢ ᠿᠢ ᠰᠢᠨ ᠪᠦᠯᠦᠭᠯᠡᠯ ᠭᠡᠵᠦ ᠨᠡᠷᠡᠶᠢᠳᠦᠨ᠎ᠡ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ ᠲᠥᠯᠥᠭᠡᠯᠡᠨ ᠥᠪᠥᠷ ᠮᠣᠩᠭᠤᠯ ᠤᠨ ᠶᠢᠦ ᠷᠠᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠂ ᠣᠲᠣ ᠦᠶ᠎ᠡ ᠮᠠᠯ ᠠᠵᠤ ᠠᠬᠤᠢ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠯᠤᠭ᠎ᠠ ᠲᠣᠰ ᠲᠣᠰ ᠥᠪᠥᠷ ᠮᠣᠩᠭᠤᠯ ᠤᠨ ᠶᠢᠦ ᠮᠦ ᠰᠦ ᠰᠠᠭᠠᠯᠢ ᠶᠢᠨ ᠦᠢᠯᠡᠰ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠣᠲᠣ ᠦᠶ᠎ᠡ ᠶᠢᠨ ᠪᠧᠨ ᠨᠢᠦ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ︵ᠳᠣᠷᠣᠭᠰᠢ ᠪᠡᠯᠡ ᠣᠷᠣᠭᠤᠯᠤᠯᠲᠠ ᠶᠢᠨ ᠺᠣᠮᠫᠠᠨᠢ ᠭᠡᠵᠦ ᠨᠡᠷᠡᠶᠢᠳᠦᠨ᠎ᠡ︶ ᠶᠢ ᠪᠠᠶᠢᠭᠤᠯᠪᠠ᠃ ᠡᠨᠡ ᠬᠤᠶᠠᠷ ᠪᠡᠯᠡ ᠣᠷᠣᠭᠤᠯᠤᠯᠲᠠ ᠶᠢᠨ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠠᠶᠢᠭᠤᠯᠤᠭᠰᠠᠨ ᠮᠠᠯᠵᠢᠯ ᠤᠨ ᠲᠠᠯᠠᠪᠠᠶ ᠳᠤ ᠰᠲ᠋ᠣᠺ ᠤᠨ ᠡᠷᠬᠡ ᠶᠢᠨ ᠪᠡᠯᠡ ᠣᠷᠣᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠬᠥᠷᠥᠩᠭᠡ ᠶᠢ ᠲᠡᠳᠡᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠡᠯᠡ ᠣᠷᠣᠭᠤᠯᠬᠤ ᠪᠣᠯᠣᠨ᠎ᠠ᠃      ᠡᠨᠡ ᠵᠢᠯ ᠠᠴᠠ ᠨᠠᠭᠠᠰᠢ᠂ ᠮᠠᠨ ᠤ ᠣᠷᠣᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠬᠤ ᠂ ᠠᠵᠢᠯ ᠣᠯᠭᠤᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠭᠰᠡᠨ ᠤ ᠬᠠᠮᠲᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠰᠦ ᠰᠠᠭᠠᠯᠢ ᠶᠢᠨ ᠦᠢᠯᠡᠰ ᠤᠨ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠪᠡ ᠃ ᠢᠯᠠᠩᠭᠤᠶ᠎ᠠ ᠰᠦ ᠰᠠᠭᠠᠯᠢ ᠶᠢᠨ ᠦᠢᠯᠡᠰ ᠤᠨ ᠮᠠᠯᠵᠢᠯ ᠤᠨ ᠲᠠᠯᠠᠪᠠᠶ ᠶᠢᠨ ᠪᠡᠯᠡ ᠣᠷᠣᠭᠤᠯᠤᠯᠲᠠ ᠶᠢᠨ ᠠᠷᠭ᠎ᠠ ᠳᠤ ᠰᠢᠨ᠎ᠡ ᠶᠢ ᠡᠭᠦᠳᠬᠦ ᠶᠠᠪᠤᠴᠠ ᠳᠤ᠂ ᠣᠯᠠᠨ ᠲᠠᠯ᠎ᠠ ᠠᠴᠠ ᠠᠳᠠᠯᠢ ᠴᠢᠭᠯᠡᠯ ᠢᠶᠠᠷ ᠬᠦᠴᠦᠯᠡᠵᠦ᠂ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠶᠢᠨ ᠬᠡᠷᠡᠭᠵᠢᠭᠦᠯᠬᠦ ᠲᠥᠰᠥᠯ ᠳᠤ ᠴᠣᠬᠤᠯᠠᠪᠤᠷᠢᠯᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠯᠢ ᠪᠦᠯᠦᠭᠯᠡᠯ᠂ ᠮᠧᠩ ᠨᠢᠦ ᠪᠦᠯᠦᠭᠯᠡᠯ ᠪᠣᠯᠣᠨ ᠿᠢ ᠰᠢᠨ ᠪᠦᠯᠦᠭᠯᠡᠯ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠪᠠᠶᠢᠭᠠᠳ ᠪᠡᠯᠡ ᠣᠷᠣᠭᠤᠯᠤᠯᠲᠠ ᠶᠢᠨ ᠺᠣᠮᠫᠠᠨᠢ ᠪᠠᠶᠢᠭᠤᠯᠤᠭᠰᠠᠨ ᠤ ᠬᠠᠮᠲᠤ ᠲᠥᠷᠥᠯ ᠵᠦᠢᠯ ᠭᠤᠶᠤᠴᠢᠯᠠᠨ ᠮᠡᠳᠡᠭᠦᠯᠬᠦ᠂ ᠮᠠᠯᠵᠢᠯ ᠤᠨ ᠲᠠᠯᠠᠪᠠᠶ ᠶᠢ ᠪᠠᠶᠢᠴᠠᠭᠠᠨ ᠰᠤᠳᠤᠯᠬᠤ᠂ ᠨᠠᠶᠢᠳᠠᠨ ᠬᠠᠮᠢᠶᠠᠷᠤᠭᠤᠯᠬᠤ ᠪᠠᠩᠬᠢ ᠶᠢᠨ ᠳᠠᠭᠠᠭᠠᠴᠢᠯᠠᠯᠲᠠ ᠵᠠᠷᠯᠠᠬᠤ ᠵᠡᠷᠭᠡ ᠤᠴᠢᠷ ᠶᠠᠪᠤᠳᠠᠯ ᠢ ᠵᠣᠬᠢᠶᠠᠨ ᠪᠠᠶᠢᠭᠤᠯᠵᠤ᠂ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ ᠨᠠᠶᠢᠳᠠᠪᠤᠷᠢᠵᠢᠭᠤᠯᠬᠤ ᠶᠢ ᠠᠬᠢᠭᠤᠯᠪᠠ᠃ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠶᠢᠨ ᠬᠡᠷᠡᠭᠵᠢᠭᠦᠯᠬᠦ ᠲᠥᠰᠥᠯ ᠤᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠢᠨ᠎ᠡ ᠪᠠᠷ ᠪᠠᠶᠢᠭᠤᠯᠤᠭᠰᠠᠨ ᠮᠠᠯᠵᠢᠯ ᠤᠨ ᠲᠠᠯᠠᠪᠠᠶ ᠶᠢᠨ ᠰᠲ᠋ᠣᠺ ᠤᠨ ᠡᠷᠬᠡ ᠶᠢ ᠳᠠᠮ ᠢᠶᠠᠷ ᠡᠵᠡᠮᠰᠢᠵᠦ᠂ ᠨᠡᠶᠢᠭᠡᠮ ᠤᠨ ᠬᠥᠷᠥᠩᠭᠡ ᠵᠢᠴᠢ ᠮᠥᠩᠭᠦᠨ ᠭᠦᠢᠯᠭᠡᠭᠡᠨ ᠤ ᠬᠥᠷᠥᠩᠭᠡ ᠶᠢᠨ ᠣᠷᠣᠭᠤᠯᠤᠯᠲᠠ ᠶᠢ ᠳᠠᠶᠢᠴᠢᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠪᠡᠯᠡ ᠣᠷᠣᠭᠤᠯᠤᠯᠲᠠ ᠶᠢ 10 ᠳᠠᠬᠢᠨ ᠰᠢᠬᠠᠮ ᠨᠡᠮᠡᠭᠳᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号