7 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠢ ᠡᠷᠬᠢᠯᠡᠨ | ᠬᠤᠷᠠᠯᠳᠤᠭᠤᠯᠵᠤ᠂ ᠮᠠᠨ ᠤ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠰᠤᠳᠤᠯᠤᠨ ᠪᠠᠶᠢᠷᠢᠯᠠᠭᠤᠯᠪᠠ | ᠃ | ᠸᠠᠩ ᠯᠢ ᠰᠢᠶᠠ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠥᠪᠥᠷ | ᠮᠣᠩᠭᠤᠯ ᠤᠨ ᠡᠭᠦᠷᠭᠡᠯᠡᠵᠦ ᠪᠠᠶᠢᠭ᠎ᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠡᠷᠬᠡᠪᠰᠢ | ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠪᠣᠯᠤᠨ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ | ᠢᠮᠠᠭᠲᠠ ᠪᠠᠲᠤ ᠴᠡᠭᠡᠵᠢᠯᠡᠵᠦ᠂ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠠᠰᠠᠭᠤᠳᠠᠯ ᠢ ᠠᠩᠬᠠᠷᠴᠤ᠂ ᠳᠤᠲᠠᠭᠤᠳᠠᠯ ᠢ ᠠᠩᠬᠠᠷᠴᠤ᠂ ᠨᠠᠶᠢᠳᠠᠪᠤᠷᠢᠵᠢᠭᠤᠯᠤᠯᠲᠠ ᠶᠢ | ᠠᠩᠬᠠᠷᠴᠤ᠂ ᠠᠮᠤ ᠪᠤᠳᠠᠭᠠᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠬᠦᠴᠦᠲᠡᠢ ᠪᠦᠲᠦᠮᠵᠢᠲᠡᠢ ᠰᠠᠶᠢᠲᠤᠷ | ᠬᠢᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠵᠤ᠂ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ︽ | ᠪᠤᠶᠢᠵᠢᠭᠤᠯᠬᠤ᠂ ᠦᠷᠡᠵᠢᠭᠦᠯᠬᠦ᠂ ᠲᠡᠯᠭᠡᠷᠡᠭᠦᠯᠬᠦ︾ ᠶᠢ ᠨᠢᠭᠡ ᠴᠣᠭᠴᠠᠵᠢᠭᠤᠯᠬᠤ ᠶᠢ ᠴᠢᠩᠭ᠎ᠠ ᠠᠳᠬᠤᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠦᠨ᠂ ᠳᠠᠭᠠᠭᠤᠯᠤᠭᠴᠢ ᠠᠵᠤ ᠠᠬᠤᠶᠢᠯᠠᠯ ᠢ | ᠲᠡᠳᠬᠦᠨ ᠳᠡᠮᠵᠢᠵᠦ᠂ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ | ᠠᠮᠤ ᠪᠤᠳᠠᠭ᠎ᠠ ᠨᠥᠭᠡᠴᠡᠯᠡᠬᠦ ᠠᠵᠢᠯ ᠢ ᠴᠢᠩᠭ᠎ᠠ ᠰᠠᠶᠢᠲᠤᠷ ᠠᠳᠬᠤᠵᠤ᠂ ᠰᠠᠭᠤᠷᠢ ᠲᠤᠭ᠎ᠠ ᠶᠢ ᠲᠣᠳᠣᠷᠬᠠᠶ | ᠣᠶᠢᠯᠠᠭᠠᠵᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠵᠠᠩᠭᠢᠯᠠᠭ᠎ᠠ ᠶᠢᠨ ᠦᠶ᠎ᠡ ᠳᠤ ︽ᠭᠠᠷᠭᠠᠵᠤ ᠳᠡᠶᠢᠯᠬᠦ᠂ ᠲᠣᠬᠢᠷᠠᠭᠤᠯᠵᠤ ᠳᠡᠶᠢᠯᠬᠦ᠂ ᠬᠡᠷᠡᠭᠯᠡᠵᠦ ᠳᠡᠶᠢᠯᠬᠦ︾ ᠶᠢ ᠦᠨᠡᠨ | ᠬᠦ ᠪᠠᠲᠤᠯᠠᠬᠤ ᠬᠡᠷᠡᠭᠲᠡᠶ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ | ᠪᠤᠰᠤ ᠪᠣᠯᠭᠠᠬᠤ︾ ᠶᠢ ᠡᠷᠡᠰ ᠬᠤᠷᠢᠭᠯᠠᠨ ᠵᠣᠭᠰᠣᠭᠠᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ | ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠦᠢᠯᠡᠳᠪᠦᠷᠢᠯᠡᠯ ᠢ | ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠯᠢ ᠪᠢᠩ ᠷᠦᠩ ᠬᠤᠷᠠᠯ ᠳᠤ | ᠣᠷᠣᠯᠴᠠᠵᠠᠶ᠃ |