ᠸᠠᠩ ᠯᠢ ᠰᠢᠶᠠ ᠪᠠᠶᠠᠨᠨᠠᠭᠤᠷ ᠬᠤᠳᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠲᠤᠬᠢᠷᠠᠭᠤᠯᠪᠡ
ᠨᠡᠶᠢᠲᠡᠯᠡᠭᠰᠡᠨ ᠴᠠᠭ᠄
2022/7/8
     7 ᠰᠠᠷ᠎ᠠ ᠶᠢᠨ 7 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠸᠢᠳᠢᠣ᠋ ᠬᠡᠯᠪᠡᠷᠢ ᠪᠠᠷ ᠪᠠᠶᠠᠨᠨᠠᠭᠤᠷ ᠬᠤᠳᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ᠂ ᠪᠠᠶᠠᠨᠨᠠᠭᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠡᠷᠬᠡᠪᠰᠢ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠤᠨᠤᠪᠴᠢᠲᠠᠢ ᠰᠠᠶᠢᠲᠤᠷ ᠬᠢᠬᠦ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠲᠦᠢᠯ ᠢᠶᠠᠷ ᠴᠢᠬᠤᠯᠠᠴᠢᠯᠠᠵᠤ᠂ ᠲᠦᠢᠯ ᠤᠨ ᠨᠠᠷᠢᠨ ᠬᠢᠨᠠᠮᠠᠭᠠᠶ᠂ ᠲᠦᠢᠯ ᠤᠨ ᠬᠠᠷᠢᠭᠤᠴᠠᠯᠭ᠎ᠠ ᠲᠠᠢ ᠪᠠᠶᠢᠵᠤ᠂ ᠴᠤᠮᠬᠠᠳᠬᠠᠨ ᠰᠢᠯᠢᠳᠡᠭᠵᠢᠭᠦᠯᠦᠭᠰᠡᠨ ᠵᠢᠯᠤᠭᠤᠳᠤᠯᠭ᠎ᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠲᠥᠪᠯᠡᠷᠡᠭᠦᠯᠦᠨ᠂ ᠬᠦᠴᠦ ᠪᠠᠨ ᠲᠥᠪᠯᠡᠷᠡᠭᠦᠯᠦᠨ᠂ ᠲᠦᠷᠭᠡᠨ ᠰᠡᠷᠭᠡᠶᠢᠯᠡᠨ ᠡᠵᠡᠮᠳᠡᠬᠦ ᠪᠠᠷ ᠲᠦᠷᠭᠡᠨ ᠲᠠᠷᠬᠠᠨ ᠲᠡᠯᠭᠡᠷᠡᠬᠦ ᠶᠢ ᠬᠤᠷᠢᠭᠯᠠᠵᠤ᠂ ᠦᠯᠢᠭᠡᠷ ᠠᠪᠬᠤ᠂ ᠬᠦᠷᠭᠡᠬᠦ᠂ ᠪᠠᠶᠢᠴᠠᠭᠠᠬᠤ᠂ ᠮᠡᠳᠡᠭᠦᠯᠬᠦ᠂ ᠮᠡᠳᠡᠭᠡ ᠵᠠᠩᠭᠢᠵᠢᠭᠤᠯᠬᠤ᠂ ᠬᠠᠮᠢᠶᠠᠷᠬᠤ ᠶᠢ ᠨᠢᠭᠡ ᠴᠣᠭᠴᠠᠵᠢᠭᠤᠯᠤᠨ ᠬᠤᠯᠪᠤᠭᠠᠯᠠᠨ ᠠᠬᠢᠭᠤᠯᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂ ᠲᠤᠰᠠᠭᠠᠷᠯᠠᠬᠤ ᠶᠣᠰᠣᠲᠠᠶ ᠶᠢ ᠨᠢ ᠪᠦᠬᠦᠨ ᠢ ᠲᠤᠰᠠᠭᠠᠷᠯᠠᠵᠤ᠂ ᠬᠦᠯᠢᠶᠠᠨ ᠠᠪᠬᠤ ᠶᠤᠰᠤᠳᠠᠢ ᠶᠢ ᠨᠢ ᠪᠦᠬᠦᠨ ᠢ ᠬᠦᠯᠢᠶᠠᠨ ᠠᠪᠴᠤ᠂ ᠡᠮᠨᠡᠨ ᠵᠠᠰᠠᠬᠤ ᠶᠤᠰᠤᠳᠠᠢ ᠶᠢ ᠨᠢ ᠪᠦᠬᠦᠨ ᠢ ᠡᠮᠨᠡᠨ ᠵᠠᠰᠠᠵᠤ᠂ ᠬᠠᠮᠤᠭ ᠤᠨ ᠪᠠᠭ᠎ᠠ ᠦᠷᠡᠭᠳᠡᠯ ᠢᠶᠠᠷ ᠬᠠᠮᠤᠭ ᠤᠨ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠡᠵᠡᠮᠳᠡᠬᠦ ᠭᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠢᠯᠢ ᠶᠢᠨ ᠪᠣᠭᠤᠮᠲᠠ ᠶᠢᠨ ᠰᠠᠭᠠᠳ ᠥᠬᠡᠶ ᠨᠡᠪᠲᠡᠷᠡᠬᠦ᠂ ᠠᠵᠤ ᠠᠬᠤᠶ ᠲᠣᠭᠲᠠᠭᠤᠨ᠂ ᠨᠡᠶᠢᠭᠡᠮ ᠡᠮᠬᠢ ᠵᠢᠷᠤᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠪᠣᠳᠠᠲᠠᠶ ᠳᠤ ᠡᠷᠡᠰ ᠨᠠᠶᠢᠳᠠᠪᠤᠷᠢᠵᠢᠭᠤᠯᠬᠤ ᠬᠡᠷᠡᠭᠲᠡᠶ ᠬᠡᠵᠦ ᠬᠡᠯᠡᠪᠡ᠃     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠬᠤᠷᠠᠯ ᠳᠤ ᠣᠷᠣᠯᠴᠠᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号