ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠬᠠᠤᠯᠢ ᠶᠢ ᠵᠥᠷᠢᠴᠡᠨ ᠭᠠᠵᠠᠷ ᠰᠢᠷᠣᠢ ᠬᠡᠷᠡᠭᠯᠡᠬᠦ ᠶᠢ ᠴᠡᠭᠴᠡᠯᠡᠨ ᠵᠠᠰᠠᠬᠤ ᠵᠢᠴᠢ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠶᠢ ᠠᠬᠢᠭᠤᠯᠬᠤ ᠸᠢᠳᠢᠣ᠋ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/8
     ᠵᠠᠩ ᠱᠤᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ      7 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠤᠷᠠᠯ ᠬᠤᠷᠠᠯᠳᠤᠭᠤᠯᠵᠤ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠵᠠᠰᠠᠬᠤ ᠪᠠ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠠᠵᠢᠯ ᠢ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠬᠤ ᠪᠡᠭᠡᠵᠢᠩ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠤ ᠬᠠᠮᠲᠤ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠲᠤᠬᠠᠢ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠭᠠᠵᠠᠷ ᠰᠢᠷᠣᠢ ᠶᠢᠨ ᠬᠠᠮᠢᠶᠠᠷᠤᠯᠲᠠ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠭᠠᠵᠠᠷ ᠰᠢᠷᠣᠢ ᠶᠢᠨ ᠡᠬᠢ ᠪᠠᠶᠠᠯᠢᠭ ᠤᠨ ᠦᠨ᠎ᠡ ᠥᠷᠲᠡᠭ ᠢ ᠳᠡᠭᠡᠭᠰᠢᠯᠡᠭᠦᠯᠬᠦ ᠬᠡᠷᠡᠭᠲᠡᠢ᠃ ᠬᠠᠤᠯᠢ ᠠᠴᠠ ᠵᠥᠷᠢᠴᠡᠨ ᠭᠠᠵᠠᠷ ᠰᠢᠷᠣᠢ ᠬᠡᠷᠡᠭᠯᠡᠬᠦ ᠶᠢ ᠲᠤᠰᠬᠠᠶᠢᠯᠠᠨ ᠢᠯᠭᠠᠷᠠᠭᠤᠯᠤᠨ ᠴᠡᠭᠴᠡᠯᠡᠵᠦ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠬᠠᠤᠯᠢ ᠠᠴᠠ ᠵᠥᠷᠢᠴᠡᠨ ᠭᠠᠵᠠᠷ ᠰᠢᠷᠣᠢ ᠬᠡᠷᠡᠭᠯᠡᠬᠦ ᠠᠰᠠᠭᠤᠳᠠᠯ ᠡᠭᠦᠰᠬᠦ ᠶᠢ ᠡᠬᠢ ᠢᠷᠡᠯᠲᠡ ᠠᠴᠠ ᠨᠢ ᠰᠡᠷᠭᠡᠶᠢᠯᠡᠬᠦ ᠬᠡᠷᠡᠭᠲᠡᠢ᠃ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠬᠦ ᠪᠠᠷ ᠳᠠᠮᠵᠢᠭᠤᠯᠤᠨ᠂ ᠭᠠᠵᠠᠷ ᠰᠢᠷᠣᠢ ᠶᠢᠨ ᠡᠬᠢ ᠪᠠᠶᠠᠯᠢᠭ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠭᠠᠵᠠᠷ ᠰᠢᠷᠣᠢ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠦᠲᠦᠮᠵᠢᠲᠡᠶ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠭᠠᠵᠠᠷ ᠰᠢᠷᠣᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号