7 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ 2022 ᠣᠨ ᠤ 10 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠥᠷᠯᠥᠭᠡ ᠦᠳᠡᠰᠢ ᠶᠢ ᠲᠡᠮᠡᠴᠡᠨ᠂ ᠴᠠᠭ ᠮᠥᠴᠡ ᠲᠠᠢ | ᠤᠷᠤᠯᠳᠤᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ | ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠲᠡᠦᠬᠡ ᠶᠢᠨ ᠠᠵᠠ ᠲᠣᠬᠢᠶᠠᠯ ᠢ | ᠠᠮᠵᠢᠵᠤ᠂ ᠠᠵᠢᠯ ᠬᠢᠵᠦ ᠦᠢᠯᠡᠰ ᠪᠤᠰᠬᠠᠬᠤ ᠳᠤ ᠥᠷᠯᠥᠭᠡ ᠦᠳᠡᠰᠢ ᠶᠢ ᠲᠡᠮᠡᠴᠡᠬᠦ ᠪᠣᠯ ᠮᠠᠨ ᠤ ᠨᠠᠮ ᠤᠨ ᠰᠢᠯᠢᠳᠡᠭ | ᠤᠯᠠᠮᠵᠢᠯᠠᠯ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠬᠦ ᠣᠷᠣᠨ ᠤ ᠺᠠᠳ᠋ᠷᠴᠤᠳ ᠢ | ᠠᠵᠢᠯ ᠢᠶᠠᠨ ᠠᠳᠬᠤᠬᠤ ᠳᠤ ᠥᠷᠯᠥᠭᠡ ᠦᠳᠡᠰᠢ ᠶᠢ ᠲᠡᠮᠡᠴᠡᠨ᠂ ᠴᠠᠭ ᠮᠥᠴᠡ ᠲᠠᠢ ᠤᠷᠤᠯᠳᠤᠬᠤ ᠬᠡᠷᠡᠭᠲᠡᠢ ᠭᠡᠵᠦ | ᠱᠠᠭᠠᠷᠳᠠᠭᠰᠠᠨ ᠨᠢ ᠠᠵᠢᠯ ᠶᠠᠪᠤᠳᠠᠯ ᠭᠦᠢᠴᠡᠳᠭᠡᠬᠦ ᠬᠤᠷᠳᠤᠴᠠ ᠪᠣᠯᠤᠨ ᠦᠷ᠎ᠡ ᠪᠦᠲᠦᠮᠵᠢ ᠶᠢ | ᠴᠢᠬᠤᠯᠠᠴᠢᠯᠠᠭᠰᠡᠨ ᠢᠶᠠᠷ ᠪᠠᠷᠠᠬᠤ ᠦᠬᠡᠢ ᠨᠡᠩ ᠴᠤ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ | ᠵᠣᠷᠢᠭᠲᠠᠢ ᠪᠠᠷ ᠪᠣᠭᠤᠮᠲᠠ ᠰᠢᠪᠲᠤᠯᠬᠤ᠂ ᠴᠢᠳᠠᠮᠠᠭᠠᠢ ᠪᠠᠷ ᠠᠵᠢᠯ ᠬᠢᠬᠦ ᠱᠠᠭᠠᠷᠳᠠᠯᠭ᠎ᠠ ᠶᠢ ᠠᠬᠤᠭᠤᠯᠵᠤ ᠪᠤᠢ᠃ ᠪᠦᠬᠦ | ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠤᠳᠤᠷᠢᠳᠬᠤ ᠺᠠᠳ᠋ᠷᠴᠤᠳ ᠲᠦᠷᠦᠭᠦᠯᠡᠨ ᠰᠠᠶᠢᠲᠤᠷ ᠬᠢᠵᠦ᠂ | ᠬᠠᠷᠢᠭᠤᠴᠠᠯᠭᠠᠲᠤ ᠰᠡᠳᠭᠢᠯᠭᠡ ᠪᠣᠯᠤᠨ ᠲᠤᠯᠭᠠᠮ ᠪᠤᠳᠤᠯ ᠢᠶᠠᠨ ᠴᠢᠩᠭᠠᠳᠬᠠᠵᠤ᠂ ᠡᠭᠦᠷᠭᠡ ᠪᠠᠨ ᠪᠡᠶᠡᠯᠡᠭᠦᠯᠬᠦ | ᠤᠬᠠᠮᠰᠠᠷ᠂ ᠠᠵᠢᠯ ᠢᠶᠠᠨ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠴᠢᠩᠭ᠎ᠠ ᠠᠴᠠ ᠲᠦᠷᠭᠡᠨ ᠢ | ᠬᠦᠭᠡᠭᠡᠴᠡᠯᠳᠦᠵᠦ᠂ ᠲᠦᠷᠭᠡᠨ ᠠᠴᠠ ᠦᠷ᠎ᠡ ᠪᠦᠲᠦᠮᠵᠢ ᠶᠢ ᠬᠦᠭᠡᠭᠡᠴᠡᠯᠳᠦᠵᠦ᠂ ᠲᠦᠷᠭᠡᠨ ᠲᠥᠯᠥᠪᠵᠢᠭᠦᠯᠵᠦ᠂ | ᠲᠦᠷᠭᠡᠨ ᠲᠠᠭᠠᠨ ᠤᠷᠤᠭᠰᠢᠯᠠᠵᠤ᠂ ᠲᠦᠷᠭᠡᠨ ᠠᠵᠢᠯᠯᠠᠵᠤ᠂ ᠲᠦᠷᠭᠡᠨ ᠱᠠᠯᠠᠪᠳᠠᠭᠤᠯᠤᠨ ᠰᠢᠢᠳᠪᠦᠷᠢᠯᠡᠵᠦ᠂ ᠨᠢᠬᠡᠨᠳᠡ | ᠲᠣᠭᠲᠠᠭᠰᠠᠨ ᠶᠠᠪᠤᠳᠠᠯ ᠢᠶᠠᠨ ᠴᠢᠩᠭ᠎ᠠ ᠠᠩᠬᠠᠷᠴᠤ᠂ ᠡᠴᠦᠰ ᠲᠤᠨᠢ ᠲᠤᠯᠲᠠᠯ᠎ᠠ ᠠᠳᠬᠤᠵᠤ ︽ᠥᠷᠯᠥᠭᠡ | ᠦᠳᠡᠰᠢ ᠶᠢ ᠲᠡᠮᠡᠴᠡᠨ᠂ ᠴᠠᠭ ᠮᠥᠴᠡ ᠲᠠᠢ ᠤᠷᠤᠯᠳᠤᠬᠤ︾ ᠱᠠᠭᠠᠷᠳᠠᠯᠭ᠎ᠠ ᠶᠢ ᠪᠣᠳᠠᠲᠠᠢ ᠠᠵᠢᠯ ᠪᠣᠯᠭᠠᠨ ᠳᠤ | ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠵᠠᠢ᠃ |