ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/7/8
     7 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠡᠶ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠪᠸᠢ ᠶᠢᠨ ᠦᠬᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠨ ᠪᠡᠶᠡᠯᠡᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠨᠳᠦᠰᠦᠨ ᠱᠠᠲᠤᠨ ᠤ ᠵᠠᠰᠠᠯᠲᠠ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠦᠬᠦ ᠲᠠᠯ᠎ᠠ ᠪᠠᠷ ᠤᠨᠤᠪᠴᠢᠲᠠᠢ ᠲᠤᠭᠤᠰᠢᠯᠠᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠠᠴᠢᠮ ᠪᠠᠶᠢᠳᠠᠯ ᠢ ᠠᠷᠭᠠᠴᠠᠭᠠᠬᠤ ᠪᠠ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ᠂ ᠦᠨᠳᠦᠰᠦᠨ ᠱᠠᠲᠤᠨ ᠤ ᠵᠠᠰᠠᠯᠲᠠ᠂ ᠦᠪᠦᠷ ᠮᠤᠩᠭᠤᠯ ᠰᠢᠶᠠᠩᠭᠠᠩ ᠤᠨ ᠰᠣᠯᠢᠯᠴᠠᠭᠠᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠵᠤ᠂ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠤᠭᠳᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠬᠦ ᠬᠦᠴᠦ ᠪᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠴᠠᠭ ᠮᠦᠴᠡ ᠲᠠᠢ ᠤᠷᠤᠯᠳᠤᠨ ᠠᠬᠢᠴᠠ ᠶᠢ ᠲᠦᠷᠭᠡᠳᠭᠡᠵᠦ᠂ ᠭᠤᠣᠯᠳᠠᠯᠭ᠎ᠠ ᠲᠠᠢ ᠡᠭᠦᠷᠭᠡ ᠶᠢ ᠱᠠᠯᠠᠪᠳᠠᠨ ᠲᠦᠷᠭᠡᠨ ᠭᠦᠢᠴᠡᠳᠭᠡᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠪᠠᠲᠤᠯᠠᠭ᠎ᠠ ᠶᠢ ᠴᠢᠩᠭᠠᠳᠬᠠᠵᠤ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠪᠠ ᠪᠣᠭᠤᠮᠲᠠ ᠥᠩᠭᠡᠷᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠦᠴᠦ ᠪᠠᠨ ᠲᠥᠪᠯᠡᠷᠡᠭᠦᠯᠦᠨ ᠠᠵᠤ ᠦᠢᠯᠡᠰ ᠢ ᠠᠳᠬᠤᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠣᠯᠤᠨ ᠠᠵᠤ ᠦᠢᠯᠡᠰ ᠤᠨ ᠰᠦᠷᠦᠭᠵᠢᠯ ᠤᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠬᠡᠪᠴᠢᠶᠡᠵᠢᠭᠰᠡᠨ ᠰᠦᠷᠦᠭᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠴᠢᠨ ᠨᠦᠭᠦᠴᠡᠯ ᠢ ᠴᠥᠬᠦᠷᠡᠰᠢ ᠥᠬᠡᠶ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ᠴᠢᠩ ᠰᠡᠳᠭᠢᠯ ᠠᠴᠠ ᠪᠠᠨ ᠠᠷᠠᠳ ᠲᠤ ᠠᠰᠢᠭ ᠬᠦᠷᠲᠡᠭᠡᠵᠦ᠂ ᠠᠯᠢ ᠪᠤᠯᠬᠤ ᠪᠠᠷ ᠠᠵᠢᠯ ᠣᠯᠭᠤᠯᠲᠠ ᠶᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ᠃ ᠠᠮᠤᠷ ᠲᠦᠪᠰᠢᠨ ᠢ ᠴᠢᠩᠭ᠎ᠠ ᠨᠠᠷᠢᠯᠢᠭ ᠪᠠᠲᠤᠯᠠᠵᠤ᠂ ︽ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ︾ ᠶᠡᠷᠦᠩᠬᠡᠶ ᠴᠢᠭᠯᠡᠯᠲᠡ ᠶᠢ ᠡᠷᠡᠰ ᠭᠤᠶᠢᠪᠢᠰᠢ ᠥᠬᠡᠶ ᠪᠠᠷᠢᠮᠲᠠᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ᠃ ᠡᠷᠡᠰ ᠰᠢᠭᠤᠷᠬᠠᠢ ᠪᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠥᠷᠯᠥᠭᠡ ᠦᠳᠡᠰᠢ ᠶᠢ ᠲᠡᠮᠡᠴᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠵᠡᠷᠭᠡ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号