ᠯᠢᠨᠰᠢ ᠰᠢᠶᠠᠨ ᠨᠠᠮ ᠪᠣᠯᠣᠨ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠥᠭᠡᠷᠡᠴᠢᠯᠡᠨ ᠲᠡᠰ ᠳᠡᠪᠰᠢᠭᠦᠯᠬᠦ ᠶᠢ ᠢᠳᠡᠪᠬᠢᠲᠡᠢ ᠬᠠᠶᠢᠨ ᠰᠦᠪᠡᠭᠴᠢᠯᠡᠪᠡ
ᠨᠡᠶᠢᠲᠡᠯᠡᠭᠰᠡᠨ ᠴᠠᠭ᠄
2022/7/9
      ᠮᠠᠨ ᠤ ᠰᠢᠶᠠᠨ ᠱᠧᠩ ᠽᠧ ᠨᠡᠶᠢᠭᠡᠮ ᠲᠣᠭᠤᠷᠢᠭ᠂ ᠬᠢᠩᠭᠠᠨ ᠨᠡᠶᠢᠭᠡᠮ ᠲᠣᠭᠤᠷᠢᠭ ᠢᠶᠠᠷ ᠲᠤᠷᠰᠢᠯᠲᠠ ᠶᠢᠨ ᠴᠡᠭ ᠪᠣᠯᠭᠠᠵᠣ᠂ 80 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ ︽24 ᠴᠠᠭ ᠬᠠᠮᠲᠤ ᠪᠠᠷ ᠡᠳ᠋ᠯᠡᠬᠦ︾ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠰᠦᠪᠡᠭᠴᠢᠯᠡᠨ ᠪᠠᠶᠢᠭᠤᠯᠵᠤ᠂ ᠥᠪᠡᠰᠦᠪᠡᠨ ᠰᠤᠷᠤᠯᠴᠠᠬᠤ ᠲᠠᠰᠤᠭ᠂ ᠬᠡᠦᠬᠡᠳ ᠤᠨ ᠴᠡᠩᠭᠡᠯ ᠤᠨ ᠬᠦᠷᠢᠶᠡᠯᠡᠩ᠂ ᠰᠡᠯᠡᠭᠦᠴᠡᠯ ᠤᠨ ᠨᠣᠮ ᠤᠨ ᠪᠠᠭᠠᠷ ᠵᠡᠷᠭᠡ 14 ᠴᠢᠳᠠᠮᠵᠢᠲᠤ ᠣᠷᠣᠨ ᠢ ᠰᠢᠨ᠎ᠡ ᠪᠠᠷ ᠲᠥᠯᠥᠪᠵᠢᠭᠦᠯᠵᠦ᠂ ᠠᠵᠢᠯᠯᠠᠬᠤ ᠣᠷᠣᠨ ᠢ ᠡᠮᠬᠢᠯᠡᠨ ᠨᠡᠶᠢᠯᠡᠭᠦᠯᠬᠦ᠂ ᠣᠶᠤᠨᠲᠤ ᠡᠭᠦᠳᠡᠨ ᠬᠤᠷᠢᠭ᠎ᠠ ᠶᠢ ᠨᠡᠮᠡᠭᠳᠡᠭᠦᠯᠬᠦ᠂ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠬᠤ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠦᠬᠦᠯᠢ ᠡᠳᠦᠷ ᠢᠶᠠᠷ ᠴᠢᠯᠦᠭᠡᠲᠡᠢ ᠨᠡᠭᠡᠭᠡᠵᠦ᠂ 24 ᠴᠠᠭ ᠤᠨ ᠳᠣᠷᠰᠢ ᠤᠩᠰᠢᠬᠤ᠂ ᠰᠤᠷᠤᠯᠴᠠᠬᠤ᠂ ᠬᠦᠳᠡᠯᠭᠡᠭᠡᠨ ᠬᠢᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂  ᠪᠧᠢ ᠮᠧᠨ ᠸᠠᠢ ᠨᠡᠶᠢᠭᠡᠮ ᠲᠣᠭᠤᠷᠢᠭ᠂ ᠶᠢᠨ ᠬᠠᠢ ᠨᠡᠶᠢᠭᠡᠮ ᠲᠣᠭᠤᠷᠢᠭ᠂ ᠬᠤᠩ ᠯᠢᠨ ᠨᠡᠶᠢᠭᠡᠮ ᠲᠣᠭᠤᠷᠢᠭ ᠲᠤ ᠵᠡᠷᠭᠡ ᠪᠠᠷ ᠥᠭᠡᠷᠡᠴᠢᠯᠡᠯᠲᠡ ᠬᠢᠵᠦ᠂ ︽ᠵᠡᠭᠦᠨ ᠡᠮᠦᠨ᠎ᠡ ᠪᠠᠷᠠᠭᠤᠨ ᠬᠤᠶᠢᠲᠤ ᠳᠤᠮᠳᠠ︾ ᠲᠠᠪᠤᠨ ᠴᠡᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠢ ᠪᠣᠶ ᠪᠣᠯᠭᠠᠵᠤ᠂ ᠬᠤᠲᠠ ᠶᠢᠨ ᠲᠣᠭᠤᠷᠢᠭ ᠤᠨ ︽15 ᠮᠢᠨᠦ᠋ᠲ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠣᠭᠤᠷᠢᠭ︾ ᠢ ᠪᠠᠶᠢᠭᠤᠯᠤᠨ᠂ ᠰᠠᠭᠤᠭᠠᠯᠢ ᠠᠷᠠᠳ ᠣᠶᠢᠷ᠎ᠠ ᠬᠠᠪᠢ ᠳᠠᠭᠠᠨ ᠰᠢᠯᠢᠳᠡᠭ ᠰᠠᠶᠢᠨ ᠦᠢᠯᠡᠴᠢᠯᠡᠭᠡ ᠭᠥᠷᠳᠡᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠰᠠᠭᠤᠭᠠᠯᠢ ᠠᠷᠠᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠨᠡᠭᠡᠭᠡᠯᠲᠡᠲᠤ ᠮᠠᠶ᠋ᠢᠭ ᠤᠨ᠂ ᠡᠷᠴᠢᠮᠵᠢᠭᠦᠯᠦᠭᠰᠡᠨ᠂ ᠬᠠᠮᠲᠤ ᠪᠠᠷ ᠡᠳ᠋ᠯᠡᠬᠦ ᠴᠢᠨᠠᠷᠲᠠᠢ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠬᠦ ᠳᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠭᠰᠡᠨ ᠪᠠᠶᠢᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号