ᠯᠢᠨᠰᠢ ᠰᠢᠶᠠᠨ ᠤ ᠭᠤᠷᠪᠠᠨ ᠠᠷᠭ᠎ᠠ ᠬᠡᠮᠵᠢᠶ᠎ᠡ ᠪᠠᠷ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠪᠥᠬᠦ ᠲᠠᠯ᠎ᠠ ᠪᠠᠷ ᠴᠢᠩᠭᠠᠳᠬᠠᠪᠠ
ᠨᠡᠶᠢᠲᠡᠯᠡᠭᠰᠡᠨ ᠴᠠᠭ᠄
2022/8/1
     ᠨᠢᠭᠡ ᠳᠤ ᠰᠠᠯᠠᠭ᠎ᠠ ᠮᠥᠴᠢᠷ ᠤᠨ ᠨᠡᠪᠲᠡᠷᠡᠯᠴᠡᠭᠡ ᠵᠣᠬᠢᠴᠠᠭᠤᠯᠭ᠎ᠠ ᠶᠢ ᠴᠢᠩᠭᠠᠳᠬᠠᠪᠠ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠤᠨ ᠵᠥᠪᠯᠡᠯ᠂ ᠰᠣᠶᠣᠯ ᠵᠤᠭᠠᠴᠠᠯ ᠤᠨ ᠲᠣᠪᠴᠢᠶ᠎ᠠ ᠵᠡᠷᠭᠡ ᠨᠢ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠬᠠᠮᠲᠤᠷᠠᠨ ᠠᠵᠢᠯᠯᠠᠬᠤ ᠴᠢᠳᠠᠪᠤᠷᠢ ᠶᠢ ᠳᠡᠭᠡᠭᠰᠢᠯᠡᠭᠦᠯᠵᠡᠢ᠃      ᠬᠤᠶᠠᠷ ᠲᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠠᠵᠢᠯ ᠢ ᠰᠠᠶᠢᠲᠤᠷ ᠬᠢᠪᠡ᠃ ︽ᠯᠢᠨᠰᠢ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ︾ ᠳᠤ ᠵᠠᠰᠠᠪᠤᠷᠢ ᠣᠷᠣᠭᠤᠯᠬᠤ ᠠᠵᠢᠯ ᠢ ᠪᠡᠶᠡᠯᠡᠭᠦᠯᠵᠦ᠂ ︽ᠯᠢᠨᠰᠢ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ 200 ᠭᠠᠷᠤᠢ ᠳᠡᠪᠲᠡᠷ ᠳᠣᠷᠣᠭᠰᠢ ᠲᠠᠷᠬᠠᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠤᠤᠯ ᠤᠨ ᠪᠠᠶᠢᠭᠰᠠᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠬᠠᠨᠳᠤᠯᠭᠠᠲᠤ ᠴᠢᠨᠠᠷᠲᠠᠢ ᠪᠠᠷ ᠲᠡᠭᠦᠯᠳᠡᠷᠵᠢᠭᠦᠯᠪᠡ᠃      ᠭᠤᠷᠪᠠ ᠳᠤ ᠦᠶᠡᠷ ᠢ ᠰᠡᠷᠭᠡᠶᠢᠯᠡᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ᠃ ᠲᠤᠰᠬᠠᠢ ᠪᠠ ᠤᠯᠠᠨ ᠲᠦᠮᠡᠨ ᠢ ᠤᠶᠠᠯᠳᠤᠭᠤᠯᠬᠤ ᠵᠠᠷᠴᠢᠮ ᠶᠣᠰᠣᠭᠠᠷ᠂ ᠦᠶᠡᠷ ᠢ ᠰᠡᠷᠭᠡᠶᠢᠯᠡᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠰᠢᠶᠠᠨ ᠢᠶᠠᠷ ᠢᠶᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ 17 ᠡᠩᠨᠡᠭᠡ ᠂ 460 ᠭᠠᠷᠤᠢ ᠬᠥᠮᠥᠨ ᠢ ᠵᠣᠬᠢᠶᠠᠨ ᠪᠠᠶᠢᠭᠤᠯᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号