ᠯᠢᠨᠰᠢ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠲᠥᠪᠯᠡᠷᠡᠭᠦᠯᠦᠨ ᠰᠤᠷᠤᠯᠴᠠᠬᠤ ᠡᠷᠴᠢᠮ ᠢᠶᠠᠨ ᠴᠢᠩᠭᠠᠷᠠᠭᠤᠯᠵᠤ ᠺᠠᠳ᠋ᠷᠴᠤᠳ ᠤᠨ ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/8/10
      ᠰᠢᠶᠠᠨ ᠤ ᠵᠠᠰᠠᠭ ᠤᠨ ᠣᠷᠳᠣᠨ ᠤ ᠰᠤᠷᠤᠯᠴᠠᠯᠭ᠎ᠠ ᠪᠠᠨ ᠴᠢᠩᠭᠠᠳᠬᠠᠵᠤ᠂ ᠭᠦᠢᠴᠡᠳᠬᠡᠬᠦ ᠬᠦᠴᠦᠨ ᠢᠶᠠᠨ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢᠨ ᠬᠠᠮᠢᠶ᠎ᠠ ᠪᠦᠬᠦᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 5 ᠤ ᠡᠳᠦᠷ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠺᠠᠳ᠋ᠷ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠢ ᠲᠥᠰᠥᠯ︾ ᠪᠠ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷ ᠤᠨ ︽ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ᠃ ᠳᠠᠷᠠᠭ᠎ᠠ ᠳᠤᠨᠢ᠂ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ᠰᠢᠶᠠᠨ ᠤ ᠮᠦᠽᠧᠢ ᠳᠤ ᠬᠦᠷᠴᠦ᠂ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠲᠣᠭᠤᠷᠢᠨ ᠦᠵᠡᠬᠦ᠂ ᠲᠤᠬᠠᠢ ᠶᠢᠨ ᠲᠠᠯᠠᠪᠠᠢ ᠶᠢᠨ ᠲᠠᠶᠢᠯᠤᠮᠵᠢ ᠶᠢ ᠰᠣᠨᠣᠰᠬᠤ ᠵᠡᠷᠭᠡ ᠠᠷᠭ᠎ᠠ ᠪᠠᠷ ᠯᠢᠨᠰᠢ ᠰᠢᠶᠠᠨ ᠤ ᠥᠨᠢ ᠤᠳᠠᠭᠠᠨ ᠲᠡᠦᠬᠡ ᠰᠣᠶᠣᠯ ᠢ ᠣᠶᠢᠯᠠᠭᠠᠪᠠ᠃      
           ᠲᠥᠪᠯᠡᠷᠡᠭᠦᠯᠦᠨ ᠰᠤᠷᠤᠯᠴᠠᠬᠤ ᠪᠠ ᠲᠣᠭᠤᠷᠢᠨ ᠦᠵᠡᠬᠦ ᠪᠠᠷ ᠳᠡᠮᠵᠢᠨ᠂ ᠪᠦᠬᠦ ᠺᠠᠳ᠋ᠷᠴᠤᠳ ᠰᠢ ᠶᠢᠨ
ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠪᠠᠲᠤ ᠴᠡᠭᠡᠵᠢᠯᠡᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠤᠬᠠᠶᠢᠯᠠᠭᠰᠠᠨ ᠠᠵᠢᠯ ᠳᠠᠭᠠᠨ ᠣᠷᠣᠯᠴᠠᠵᠤ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠥᠵᠢᠭᠦᠯᠵᠦ᠂ ᠯᠢᠨᠰᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ  ᠣᠭᠲᠣᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号