ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠤᠨ ᠬᠡᠷᠡᠭ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠪᠠ | ᠪᠠᠭᠠᠰᠬᠠᠬᠤ ᠶᠢᠨ ᠲᠥᠯᠥᠭᠡ᠂ ᠮᠠᠨ ᠤ ᠰᠢᠶᠠᠨ ᠤ ᠬᠢᠨ ᠤᠬᠠᠭᠤᠯᠭ᠎ᠠ ᠪᠠᠨ ᠢᠳᠡᠪᠬᠢᠲᠡᠢ ᠴᠢᠩᠭᠠᠳᠬᠠᠵᠤ᠂ ᠴᠠᠬᠢᠯᠭᠠᠨ | ᠬᠤᠯᠪᠣᠭᠠᠨ ᠤ ᠰᠦᠯᠵᠢᠶᠡᠨ ᠤ ᠮᠡᠬᠡᠯᠡᠯ ᠢ ᠡᠬᠢ ᠠᠴᠠ ᠨᠢ ᠬᠤᠷᠢᠭᠯᠠᠪᠠ᠃ ᠬᠠᠷᠢᠶᠠᠲᠤ ᠣᠷᠣᠨ ᠳᠤ ᠭᠦᠨᠵᠡᠭᠡᠶᠢᠷᠡᠨ ︽ | ᠨᠢᠭᠤᠷᠲᠠᠨ ᠬᠠᠨᠳᠤᠬᠤ︾ ᠠᠷᠭ᠎ᠠ ᠮᠠᠶ᠋ᠢᠭ ᠢ ᠠᠪᠴᠤ᠂ ᠬᠠᠷᠢᠶᠠᠲᠤ ᠣᠷᠣᠨ ᠤ ᠣᠯᠠᠨ ᠲᠦᠮᠡᠨ ᠳᠤ ︽ᠤᠯᠤᠰ ᠤᠨ | ᠮᠡᠬᠡᠯᠡᠯ ᠢ ᠡᠰᠡᠷᠭᠦᠴᠡᠬᠦ ᠲᠥᠪ︾ ᠤᠨ APP ᠵᠥᠭᠡᠯᠡᠨ ᠲᠣᠨᠤᠭ ᠢ ᠨᠠᠷᠢᠨ ᠬᠢᠨᠠᠮᠠᠭᠠᠢ ᠳᠡᠯᠭᠡᠷᠡᠭᠦᠯᠪᠡ᠃ ᠲᠣᠣᠷᠵᠢᠯ | ᠤᠨ ᠠᠵᠢᠯᠲᠠᠨ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ ᠵᠡᠷᠭᠡ ᠶᠢ ᠳᠠᠶᠢᠴᠢᠯᠠᠨ ᠡᠷᠦᠬᠡ ᠳᠤ | ᠬᠦᠷᠴᠦ ᠤᠬᠠᠭᠤᠯᠭ᠎ᠠ ᠬᠢᠵᠦ᠂ ᠰᠠᠭᠤᠭᠠᠯᠢ ᠠᠷᠠᠳ ᠢ ᠤᠷᠢᠶᠠᠯᠠᠨ ᠮᠡᠬᠡᠯᠡᠬᠦ ᠶᠢ ᠡᠰᠡᠷᠭᠦᠴᠡᠬᠦ ᠮᠡᠳᠡᠯᠭᠡ ᠶᠢ | ᠰᠤᠷᠤᠯᠴᠠᠭᠤᠯᠵᠤ᠂ ᠣᠯᠠᠨ ᠲᠦᠮᠡᠨ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ | ᠳᠡᠭᠡᠭᠰᠢᠯᠡᠭᠦᠯᠬᠦ ᠶᠢ ᠰᠠᠨᠠᠭᠤᠯᠪᠠ᠃ ᠡᠳᠦᠷ ᠲᠤᠲᠤᠮ ᠤᠨ ᠪᠠᠶᠢᠴᠠᠭᠠᠯᠲᠠ ᠪᠠ ︽ᠬᠤᠣᠷ ᠴᠠᠭᠠᠵᠠᠯᠠᠬᠤ + ᠮᠡᠬᠡᠯᠡᠯ ᠢ | ᠡᠰᠡᠷᠭᠦᠴᠡᠬᠦ︾ ᠤᠬᠠᠭᠤᠯᠭ᠎ᠠ ᠶᠢ ᠥᠷᠨᠢᠭᠦᠯᠵᠦ᠂ ᠬᠠᠷᠢᠶᠠᠲᠤ ᠣᠷᠣᠨ ᠤ ᠬᠤᠣᠷᠲᠤ ᠡᠳ᠋ ᠦᠶᠯᠡᠳᠬᠦ ᠳᠤ ᠠᠮᠠᠷᠬᠠᠨ | ᠠᠵᠤ ᠠᠬᠤᠶᠢᠯᠠᠯ ᠳᠤ ᠡᠳᠦᠷ ᠲᠤᠲᠤᠮ ᠤᠨ ᠪᠠᠶᠢᠴᠠᠭᠠᠯᠲᠠ ᠬᠢᠬᠦ ᠶᠢᠨ ᠬᠠᠮᠲᠤ᠂ ᠠᠵᠤ ᠠᠬᠤᠶᠢᠯᠠᠯ ᠤᠨ ᠠᠵᠢᠯᠲᠠᠳ ᠢ | ᠵᠢᠯᠣᠭᠤᠳᠤᠨ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠪᠠᠭᠤᠯᠭᠠᠭᠤᠯᠵᠠᠢ᠃ ᠣᠲᠣ ᠪᠣᠯᠲᠠᠯ᠎ᠠ᠂ | ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠶᠢ ᠨᠢᠭᠡᠨᠲᠡ 71599 ᠬᠥᠮᠥᠨ ᠤᠳᠠᠭ᠎ᠠ | ᠪᠠᠭᠤᠯᠭᠠᠵᠤ ᠳᠠᠩᠰᠠᠯᠠᠭᠤᠯᠪᠠ᠃ |