ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ︽ᠨᠢᠭᠡ ᠯᠡ ᠡᠭᠦᠳᠡ ᠪᠠᠷ ᠣᠷᠣᠬᠤ︾᠂ ︽ᠬᠠᠮᠤᠭ ᠤᠨ | ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠶᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠣᠯᠠᠨ | ᠲᠦᠮᠡᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠣᠴᠢᠵᠤ ᠠᠵᠢᠯ ᠶᠠᠪᠤᠳᠠᠯ ᠭᠦᠢᠴᠡᠳᠬᠡᠬᠦ ᠳᠤ ︽ | ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ︾ ᠰᠢᠭ᠋ ᠲᠥᠬᠦᠮ ᠪᠣᠯᠭᠠᠬᠤ ᠶᠢᠨ ᠲᠦᠯᠦᠭᠡ᠂ ᠯᠢᠨᠰᠢ ᠰᠢᠶᠠᠨ ᠤ | ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ ᠲᠠᠪᠴᠠᠩ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | ᠨᠢᠭᠡ ᠳᠤ ᠤᠬᠠᠭᠤᠯᠭ᠎ᠠ ᠶᠢᠨ ᠵᠠᠷᠯᠠᠯ ᠵᠣᠬᠢᠶᠠᠵᠤ᠂ ᠢᠯᠡ ᠭᠠᠵᠠᠷ ᠲᠤ ᠨᠠᠭᠠᠵᠤ ᠤᠯᠠᠨ ᠲᠦᠮᠡᠨ ᠤ | ᠤᠩᠰᠢᠬᠤ ᠳᠤ ᠲᠦᠭᠦᠮ ᠦᠵᠡᠭᠦᠯᠦᠨ᠎ᠡ᠃ | ᠬᠤᠶᠠᠷ ᠲᠤ ᠡᠯ᠎ᠡ ᠠᠵᠢᠯ ᠶᠠᠪᠤᠳᠠᠯ ᠭᠦᠢᠴᠡᠳᠬᠡᠬᠦ ᠴᠣᠩᠬᠤᠨ ᠳᠤ ᠤᠬᠠᠭᠤᠯᠭ᠎ᠠ ᠶᠢᠨ ᠮᠠᠲ᠋ᠧᠷᠢᠶᠠᠯ | ᠲᠠᠯᠪᠢᠬᠤ ᠶᠢᠨ ᠬᠠᠮᠲᠤ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠬᠡᠷᠡᠭᠯᠡᠯᠲᠡ ᠶᠢ ᠤᠬᠠᠭᠤᠯᠵᠤ᠂ ᠣᠶᠢᠯᠠᠭᠠᠬᠤ ᠬᠡᠮᠵᠢᠶ᠎ᠡ ᠶᠢ | ᠦᠨᠡᠨ ᠬᠦ ᠳᠡᠭᠡᠭᠰᠢᠯᠡᠭᠦᠯᠦᠨ᠎ᠡ᠃ | ᠭᠤᠷᠪᠠ ᠳᠤ ᠠᠵᠢᠯ ᠶᠠᠪᠣᠳᠠᠯ ᠭᠦᠢᠴᠡᠳᠭᠡᠬᠦ ᠦᠶ᠎ᠡ ᠶᠢᠨ ᠰᠤᠯᠠ ᠰᠡᠯᠡᠭᠦᠦ ᠴᠠᠭ ᠢ ᠠᠰᠢᠭᠯᠠᠨ ᠤᠯᠠᠨ | ᠲᠦᠮᠡᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠤᠯᠠᠨ ᠲᠦᠮᠡᠨ ᠳᠤ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠬᠡᠷᠡᠭᠯᠡᠯᠲᠡ ᠶᠢ ᠨᠠᠷᠢᠨ ᠲᠠᠶᠢᠯᠪᠤᠷᠢᠯᠠᠵᠤ ᠥᠭᠭᠦᠨ᠎ᠡ᠃ | | ᠲᠣᠰ ᠣᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ᠂ ᠨᠡᠶᠢᠲᠡ 10 ᠭᠠᠷᠤᠢ ᠤᠬᠠᠭᠤᠯᠭ᠎ᠠ ᠶᠢᠨ ᠵᠠᠷᠯᠠᠯ | ᠨᠠᠭᠠᠵᠤ᠂ 380 ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ︽ᠢᠨᠲ᠋ᠧᠷ ᠰᠦᠯᠵᠢᠶ᠎ᠡ + ᠵᠠᠰᠠᠭ ᠤᠨ | ᠣᠷᠳᠣᠨ ᠤ ᠦᠢᠯᠡᠴᠢᠯᠡᠭᠡ︾ ᠶᠢᠨ ᠲᠠᠪᠴᠠᠩ ᠤᠨ ᠨᠡᠶᠢᠭᠡᠮ ᠤᠨ ᠮᠡᠳᠡᠷᠡᠮᠵᠢ ᠶᠢ ᠦᠨᠡᠨ ᠬᠦ ᠳᠡᠭᠡᠭᠰᠢᠯᠡᠭᠦᠯᠵᠦ᠂ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠬᠡᠷᠡᠭᠯᠡᠯᠲᠡ ᠶᠢ | ᠲᠦᠷᠭᠡᠳᠬᠡᠬᠦ ᠳᠤ ᠪᠣᠲᠠᠲᠠᠢ ᠠᠬᠢᠭᠤᠯᠬᠤ ᠦᠢᠯᠡᠳᠦᠯ ᠦᠵᠡᠭᠦᠯᠪᠡ᠃ |