ᠯᠢᠨᠰᠢ ᠰᠢᠶᠠᠨ ᠤ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2022/9/29
     ᠯᠢᠨᠰᠢ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠪᠡ᠃ ᠲᠤᠰ ᠲᠥᠷᠥᠯ ᠵᠦᠢᠯ ᠢ 2020 ᠣᠨ ᠤ 11 ᠰᠠᠷ᠎ᠠ ᠶᠢᠨ 26 ᠤ ᠡᠳᠦᠷ ᠰᠤᠳᠤᠯᠭᠠᠨ ᠳᠤ ᠴᠣᠬᠤᠯᠠᠪᠤᠷᠢᠯᠠᠵᠤ᠂ 2021 ᠣᠨ ᠤ 5 ᠰᠠᠷ᠎ᠠ ᠳᠤ ᠲᠥᠪ ᠤᠨ ᠲᠥᠰᠥᠪ ᠤᠨ ᠳᠣᠲᠣᠷᠠᠬᠢ 2000 ᠲᠦᠮᠡᠨ ᠲᠥᠭᠦᠷᠢᠭ ᠤᠨ ᠪᠡᠯᠡ ᠮᠥᠩᠭᠦ  ᠶᠢ ᠣᠯᠵᠤ᠂ 2021 ᠤᠨ ᠳᠤ ᠭᠠᠵᠠᠷ ᠲᠡᠭᠰᠢᠯᠡᠬᠦ᠂ ᠪᠤᠯᠠᠭᠠᠷᠢ ᠶᠢᠨ ᠰᠠᠭᠤᠷᠢ  ᠶᠢ ᠰᠢᠯᠭᠠᠨ ᠪᠠᠶᠢᠴᠠᠭᠠᠬᠤ ᠵᠡᠷᠭᠡ ᠠᠵᠢᠯ ᠢ ᠳᠠᠭᠤᠰᠬᠠᠪᠠ᠃ ᠡᠨᠡ ᠵᠢᠯ  ᠤᠨ 4 ᠰᠠᠷ᠎ᠠ ᠶᠢᠨ ᠡᠬᠢ ᠪᠠᠷ ᠪᠠᠷᠢᠯᠭ᠎ᠠ ᠶᠢᠨ ᠠᠵᠢᠯ ᠢᠶᠠᠨ ᠰᠡᠷᠭᠦᠭᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠶᠢᠨ ᠲᠥᠯᠥᠭᠡ᠂ ᠪᠠᠷᠢᠯᠭ᠎ᠠ ᠶᠢᠨ ᠨᠢᠭᠡᠴᠡ ᠶᠢᠨ ᠬᠢᠨ ᠣᠯᠠᠨ ᠠᠷᠭ᠎ᠠ ᠬᠡᠮᠵᠢᠶ᠎ᠡ ᠪᠠᠷ ᠠᠵᠢᠯ ᠪᠠᠨ ᠠᠬᠢᠭᠤᠯᠵᠣ᠂ ᠣᠳᠣᠬᠠᠨ ᠳᠤ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠨᠢᠭᠡᠨᠲᠡ 2000 ᠲᠦᠮᠡᠨ ᠲᠥᠭᠦᠷᠢᠭ ᠪᠡᠶᠡᠯᠡᠭᠦᠯᠵᠦ᠂ ᠳᠠᠳᠤᠯᠭ᠎ᠠ ᠪᠣᠯᠪᠠᠰᠤᠷᠠᠯ ᠤᠨ ᠶᠡᠷᠦᠩᠬᠡᠶᠢᠯᠡᠭᠰᠡᠨ ᠠᠰᠠᠷ ᠲᠤ ᠭᠠᠵᠠᠷ ᠳᠡᠭᠡᠷᠡᠬᠢ ᠬᠤᠶᠠᠷ ᠳᠠᠪᠬᠤᠷᠯᠢᠭ ᠤᠨ ᠬᠡᠪ ᠬᠠᠪᠲᠠᠰᠤ ᠶᠢ ᠪᠠᠶᠢᠭᠤᠯᠵᠤ᠂ ᠵᠢᠱᠢᠯᠲᠡ ᠪᠠᠷ ᠡᠨᠡ ᠵᠢᠯ ᠤᠨ ᠳᠣᠲᠣᠷ᠎ᠠ ᠲᠤᠰ ᠨᠢᠭᠡᠴᠡ ᠶᠢᠨ ᠪᠠᠷᠢᠯᠭ᠎ᠠ ᠶᠢᠨ ᠭᠤᠣᠯ ᠴᠣᠭᠴᠠ ᠶᠢᠨ ᠳᠡᠭᠡᠳᠦ ᠵᠠᠬ᠎ᠠ ᠶᠢᠨ ᠬᠡᠰᠡᠭ ᠢ ᠨᠢ ᠵᠠᠰᠠᠵᠤ ᠴᠢᠮᠡᠵᠦ᠂ 5000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号