ᠯᠢᠨᠰᠢ ᠰᠢᠶᠠᠨ ᠬᠠᠮᠲᠣᠷᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠪᠣᠯᠪᠠᠰᠤᠨ ᠬᠤᠳᠠ ᠶᠢ ᠬᠠᠮᠲᠤ ᠪᠠᠷ ᠴᠣᠭᠴᠠᠯᠠᠪᠠ
ᠨᠡᠶᠢᠲᠡᠯᠡᠭᠰᠡᠨ ᠴᠠᠭ᠄
2022/9/30
     ᠣᠶᠢᠷ᠎ᠠ ᠳᠤ᠂ ᠯᠢᠨᠰᠢ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠲᠠᠢ ᠬᠠᠮᠲᠤᠷᠠᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠠᠮᠲᠤᠷᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃      ᠨᠢᠭᠡ ᠳᠤ ᠤᠯᠠᠨ ᠨᠡᠶᠢᠲᠡ ᠶᠢᠨ ᠲᠡᠷᠭᠡ ᠵᠣᠭᠰᠣᠬᠤ ᠡᠮᠬᠢ ᠳᠢᠭᠯᠢᠮ ᠢ ᠵᠢᠷᠤᠮᠵᠢᠭᠤᠯᠵᠤ᠂ ᠬᠤᠳᠠ ᠶᠢᠨ ᠪᠣᠯᠪᠠᠰᠤᠨ ᠵᠠᠮ ᠬᠠᠷᠢᠯᠴᠠᠭ᠎ᠠ ᠶᠢ ᠪᠤᠢ ᠪᠣᠯᠭᠠᠪᠠ᠃ ︽ᠠᠵᠢᠯ ᠤᠨ ᠪᠠᠶᠢᠷᠢ ᠶᠢ ᠲᠣᠳᠣᠷᠬᠠᠶᠢᠯᠠᠵᠦ ᠠᠵᠢᠯᠴᠢᠨ ᠲᠣᠮᠢᠯᠠᠬᠤ + ᠬᠥᠳᠡᠯᠦᠩᠭᠦᠢ ᠪᠠᠷ ᠲᠣᠭᠤᠷᠢᠨ ᠪᠠᠶᠢᠴᠠᠭᠠᠬᠤ︾ ᠠᠷᠭ᠎ᠠ ᠮᠠᠶ᠋ᠢᠭ ᠢ ᠠᠪᠴᠤ᠂ ᠬᠤᠲᠠ ᠶᠢᠨ ᠲᠣᠭᠤᠷᠢᠭ ᠤᠨ ᠭᠤᠣᠯ ᠵᠠᠮ ᠤᠨ ᠬᠤᠶᠠᠷ ᠬᠠᠵᠠᠭᠤ ᠶᠢᠨ ᠣᠯᠠᠨ ᠨᠡᠶᠢᠲᠡ ᠶᠢᠨ ᠲᠡᠷᠭᠡ ᠵᠣᠭᠰᠣᠬᠤ ᠪᠠᠶᠢᠷᠢ ᠳᠤ  ᠨᠠᠷᠢᠨ ᠨᠢᠮᠪᠠᠢ ᠪᠠᠶᠢᠴᠠᠭᠠᠯᠲᠠ ᠬᠢᠪᠡ᠃ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠬᠤ᠂ ᠭᠠᠷ ᠳᠠᠮᠵᠢᠭᠰᠠᠨ ᠮᠠᠰᠢᠨ ᠲᠡᠷᠭᠡᠨ ᠤ ᠳᠡᠯᠭᠡᠭᠦᠷ᠂ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠨᠦᠭᠦᠳ ᠣᠯᠠᠨ ᠨᠡᠶᠢᠲᠡ ᠶᠢᠨ ᠲᠡᠷᠭᠡ ᠵᠣᠭᠰᠤᠭᠠᠬᠤ ᠪᠠᠶᠢᠷᠢ ᠶᠢ ᠣᠷᠳᠣ ᠬᠤᠭᠤᠴᠠᠭ᠎ᠠ ᠪᠠᠷ ᠡᠵᠡᠯᠡᠨ ᠬᠡᠷᠡᠭᠯᠡᠬᠦ ᠵᠡᠷᠭᠡ ᠠᠰᠠᠭᠤᠳᠠᠯ ᠳᠤ ᠴᠢᠭᠯᠡᠭᠦᠯᠦᠨ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ᠣᠲᠣ ᠪᠣᠯᠲᠠᠯ᠎ᠠ᠂ ᠣᠯᠠᠨ ᠨᠡᠶᠢᠲᠡ ᠶᠢᠨ ᠲᠡᠷᠭᠡ ᠵᠣᠭᠰᠣᠬᠤ ᠪᠠᠶᠢᠷᠢ ᠶᠢ ᠡᠵᠡᠯᠡᠨ ᠬᠡᠷᠡᠭᠯᠡᠭᠰᠡᠨ ᠠᠰᠠᠭᠤᠳᠠᠯ ᠢ ᠨᠡᠶᠢᠲᠡ 500 ᠭᠠᠷᠤᠢ ᠵᠢᠷᠤᠮᠵᠢᠭᠤᠯᠤᠨ ᠴᠡᠪᠡᠷᠯᠡᠵᠡᠢ᠃      ᠬᠤᠶᠠᠷ ᠲᠤ ᠬᠤᠳᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠬᠤᠳᠠ ᠶᠢᠨ ᠪᠣᠯᠪᠠᠰᠤᠨ ᠣᠷᠴᠢᠨ ᠨᠥᠬᠦᠴᠡᠯ ᠢ ᠪᠤᠢ ᠪᠤᠯᠭᠠᠪᠠ᠃ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠣᠪᠣᠭᠠᠯᠠᠨ ᠲᠠᠯᠪᠢᠬᠤ᠂ ᠡᠷᠦᠢ ᠬᠤᠷᠣᠢ ᠦᠭᠡᠢ ᠵᠠᠷ ᠮᠡᠳᠡᠭᠡᠨ ᠤ ᠡᠯᠭᠦᠭᠡ ᠪᠢᠴᠢᠭᠡᠰᠦ᠂ ᠡᠪᠳᠡᠷᠡᠵᠦ ᠰᠦᠢᠳᠦᠭᠰᠡᠨ ᠫᠠᠶᠢᠰᠠ ᠢᠯᠡᠷᠬᠡᠶᠢᠯᠡᠯ ᠵᠡᠷᠭᠡ ᠬᠤᠲᠠ ᠶᠢᠨ ᠪᠣᠯᠪᠠᠰᠤᠨ ᠪᠤᠰᠤ ᠦᠵᠡᠭᠳᠡᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠬᠤᠳᠠᠯᠳᠤᠭᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ︽ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠢᠷᠤᠮᠵᠢᠭᠤᠯᠤᠨ ᠡᠵᠡᠩᠨᠡᠭᠦᠯᠵᠦ᠂ ᠣᠲᠣ ᠪᠣᠯᠲᠠᠯ᠎ᠠ ᠵᠠᠮ ᠡᠵᠡᠯᠡᠨ ᠡᠵᠡᠩᠨᠡᠭᠰᠡᠨ ᠰᠤᠯᠠ ᠬᠤᠳᠠᠯᠳᠤᠭ᠎ᠠ ᠮᠠᠶᠢᠮᠠᠶᠢᠴᠢᠨ ᠢ ᠨᠡᠶᠢᠲᠡ 231 ᠣᠳᠠᠭ᠎ᠠ  ᠴᠡᠪᠡᠷᠯᠡᠵᠦ᠂ 382 ᠬᠠᠭᠤᠳᠠᠰᠣ ᠵᠠᠷ ᠮᠡᠳᠡᠭᠡᠨ ᠤ ᠡᠯᠭᠦᠭᠡ ᠪᠢᠴᠢᠭᠡᠰᠦ ᠶᠢ ᠴᠡᠪᠡᠷᠯᠡᠵᠦ᠂ 46 ᠡᠪᠳᠡᠷᠡᠵᠦ ᠰᠦᠢᠳᠦᠭᠰᠡᠨ ᠫᠠᠶᠢᠰᠠ ᠢᠯᠡᠷᠬᠡᠶᠢᠯᠡᠯ ᠢ ᠨᠤᠷᠠᠭᠠᠪᠠ᠃      ᠭᠤᠷᠪᠠ ᠳᠤ ᠤᠬᠠᠭᠤᠯᠭ᠎ᠠ ᠶᠢ ᠴᠢᠩᠭᠠᠳᠬᠠᠵᠤ ᠠᠭᠤᠷ ᠠᠮᠢᠰᠬᠤᠯ ᠢ ᠪᠣᠶ ᠪᠣᠯᠭᠠᠪᠠ᠃ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠᠷ ᠰᠠᠭᠤᠷᠢ ᠪᠣᠯᠭᠠᠵᠤ᠂ ᠬᠤᠳᠠᠯᠳᠤᠭᠠᠴᠢᠨ ᠪᠠ ᠬᠤᠲᠠ ᠶᠢᠨ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ︽ᠪᠣᠯᠪᠠᠰᠣᠨ ᠬᠤᠲᠠ ᠪᠦᠲᠦᠭᠡᠨ ᠪᠠᠶᠢᠭᠤᠯᠬᠤ︾ ᠠᠵᠢᠯ ᠳᠤ ᠢᠳᠡᠪᠬᠢᠲᠡᠢ ᠣᠷᠣᠯᠴᠠᠭᠤᠯᠵᠤ᠂ ᠬᠤᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠪᠣᠯᠪᠠᠰᠤᠨ ᠦᠶᠯᠡ ᠠᠵᠢᠯᠯᠠᠭ᠎ᠠ ᠶᠢᠨ ᠵᠢᠷᠤᠮᠵᠢᠯ ᠢ ᠤᠬᠠᠮᠰᠠᠷ ᠠᠴᠠ ᠪᠠᠨ ᠬᠠᠮᠠᠭᠠᠯᠠᠵᠤ᠂ ᠬᠠᠮᠲᠤᠪᠠᠷ ᠪᠠᠶᠢᠭᠤᠯᠤᠨ ᠬᠠᠮᠲᠤᠪᠠᠷ  ᠡᠳ᠋ᠯᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠪᠡ᠃ ᠭᠤᠣᠯᠳᠠᠯᠭ᠎ᠠ ᠲᠠᠢ ᠵᠠᠮ ᠤᠨ ᠬᠡᠰᠡᠭ ᠲᠤ  ᠬᠠᠤᠯᠢ ᠬᠡᠷᠡᠭᠵᠢᠭᠦᠯᠬᠦ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠴᠢ ᠶᠢ ᠲᠣᠬᠢᠷᠠᠭᠤᠯᠵᠤ᠂ ᠪᠣᠯᠪᠠᠰᠣᠨ ᠬᠤᠲᠠ ᠪᠦᠲᠦᠭᠡᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠤᠲᠠ ᠪᠠᠶᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ ᠰᠠᠨᠠᠭᠠᠴᠢᠯᠠᠭ᠎ᠠ  ᠠᠴᠠ ᠪᠠᠨ ᠣᠷᠣᠯᠴᠠᠭᠤᠯᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号