ᠯᠢᠨᠰᠢ ᠰᠢᠶᠠᠨ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/9/30
     ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ︵ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠠᠭᠲᠠᠨ᠎ᠠ︶ ᠶᠢᠨ ᠬᠤᠭᠤᠯᠠᠨ ᠭᠡᠷ᠂ ᠵᠢᠵᠢᠭ ᠬᠤᠭᠤᠯᠠᠨ ᠰᠢᠷᠡᠭᠡ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤᠮᠳᠠᠭᠠᠨ ᠤ ᠳᠡᠯᠭᠡᠭᠦᠷ᠂ ᠢᠳᠡᠭᠡᠨ ᠤ ᠳᠡᠯᠭᠡᠭᠦᠷ᠂ ᠵᠢᠵᠢᠭ ᠦᠢᠯᠡᠳᠬᠡᠯ᠂ ᠵᠢᠵᠢᠭ ᠳᠡᠯᠭᠡᠭᠦᠷᠴᠢᠨ ᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠷᠡᠴᠢᠯᠡᠵᠦ ᠵᠥᠪᠰᠢᠶᠡᠷᠡᠬᠦ ᠴᠢᠬᠤᠯᠠᠲᠠᠢ ᠲᠣᠭᠯᠠᠭᠠᠮ ᠤᠨ ᠵᠦᠢᠯ ᠳᠤ ︽CCC︾ ᠲᠡᠮᠳᠡᠭ ᠢ ᠲᠣᠳᠣᠷᠬᠠᠶᠢᠯᠠᠭᠰᠠᠨ ᠡᠰᠡᠬᠦ᠂ ᠲᠣᠭᠯᠠᠭᠠᠮ ᠤᠨ ᠵᠦᠢᠯ ᠤᠨ ᠱᠣᠰᠢᠭ᠎ᠠ ᠲᠡᠮᠳᠡᠭ ᠨᠢ ᠬᠠᠤᠯᠢ ᠳᠤ ᠨᠡᠶᠢᠴᠡᠬᠦ ᠡᠰᠡᠬᠦ ᠪᠠ ᠲᠣᠭᠲᠠᠭᠠᠯ ᠳᠤ ᠨᠡᠶᠢᠴᠡᠬᠦ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ ᠵᠢᠵᠢᠭ ᠢᠳᠡᠭᠡᠨ ᠤᠮᠳᠠᠭᠠᠨ ᠤ ᠳᠡᠯᠭᠡᠭᠦᠷ᠂ ᠵᠢᠵᠢᠭ ᠬᠤᠭᠤᠯᠠᠨ ᠰᠢᠷᠡᠭᠡ ᠵᠡᠷᠭᠡ ᠠᠵᠢᠯ ᠲᠥᠷᠥᠯ ᠤᠨ ᠱᠠᠭᠠᠷᠳᠠᠯᠭ᠎ᠠ ᠶᠣᠰᠣᠭᠠᠷ ᠪᠦᠷᠢᠳᠬᠡᠨ ᠳᠠᠩᠰᠠᠯᠠᠬᠤ ᠭᠠᠷᠳᠠᠮ ᠢ ᠭᠦᠢᠴᠡᠳᠬᠡᠬᠦ ᠦᠭᠡᠢ᠂ ᠦᠨᠡᠮᠯᠡᠯ ᠦᠭᠡᠢ ᠪᠠᠷ ᠦᠢᠯᠡᠳᠪᠦᠷᠢᠯᠡᠵᠦ ᠡᠵᠡᠩᠨᠡᠬᠦ᠂ ᠬᠠᠭᠤᠷᠮᠠᠭ ᠮᠠᠭᠤ ᠢᠳᠡᠭᠡᠨ ᠤ ᠵᠦᠢᠯ ᠦᠢᠯᠡᠳᠴᠦ ᠪᠣᠷᠣᠯᠠᠭᠤᠯᠬᠤ ᠵᠡᠷᠭᠡ ᠦᠶᠯᠡ ᠠᠵᠢᠯᠯᠠᠭ᠎ᠠ ᠶᠢ ᠪᠣᠲᠠᠲᠠᠢ ᠴᠡᠭᠴᠡᠯᠡᠪᠡ᠃ ᠣᠳᠣᠬᠠᠨ ᠳᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠨᠡᠶᠢᠲᠡ 200 ᠭᠠᠷᠤᠢ ᠤᠳᠠᠭ᠎ᠠ ᠥᠷᠨᠢᠭᠦᠯᠵᠦ᠂ ᠠᠰᠠᠭᠤᠳᠠᠯ ᠤᠨ ᠳᠠᠯᠳᠠ ᠬᠡᠮ ᠢ 100 ᠭᠠᠷᠤᠢ ᠴᠡᠭᠴᠡᠯᠡᠨ ᠵᠠᠰᠠᠵᠤ᠂ 14 ᠡᠷᠦᠬᠡ ᠶᠢ ᠬᠥᠲᠥᠯᠥᠨ ᠵᠢᠯᠤᠭᠤᠳᠴᠤ ᠪᠦᠷᠢᠳᠬᠡᠨ ᠳᠠᠩᠰᠠᠯᠠᠭᠤᠯᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号