ᠨᠠᠮ ᠤᠨ ᠲᠥᠪ ᠬᠤᠷᠢᠶ᠎ᠠ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ  ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠮᠠᠤ ᠽᠧ ᠳ᠋ᠦᠩ ᠨᠥᠬᠦᠷ ᠤᠨ ᠡᠭᠦᠳᠦᠨ ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ  ᠯᠢ ᠴᠢᠶᠠᠩ  ᠵᠤᠤ ᠯᠧ ᠵᠢᠢ  ᠸᠠᠩ ᠬᠤ᠋ ᠨᠢᠩ  ᠳ᠋ᠢᠩ ᠰᠢᠤᠸᠠᠢ ᠰᠢᠶᠠᠩ  ᠯᠢ ᠰᠢ  ᠬᠠᠨ ᠵᠧᠩ ᠬᠤᠷᠠᠯ ᠳᠤ ᠣᠷᠣᠯᠴᠠᠵᠤ ᠼᠠᠢ ᠴᠢ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2023/12/28
      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 26 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ 26 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃
     12 ᠰᠠᠷ᠎ᠠ ᠶᠢᠨ 26 ᠤ ᠡᠳᠦᠷ᠂ ᠨᠠᠮ ᠤᠨ ᠲᠥᠪ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ      ᠲᠡᠷᠡ᠂ ᠮᠠᠤ ᠽᠧ ᠳ᠋ᠦᠩ ᠨᠥᠬᠦᠷ ᠪᠣᠯ ᠠᠭᠤᠤ ᠶᠡᠭᠡ ᠮᠠᠷᠺᠰ ᠤᠨ ᠦᠵᠡᠯᠲᠡᠨ᠂ ᠦᠭᠡᠶᠢᠭᠦᠦ ᠠᠩᠭᠢ ᠶᠢᠨ ᠠᠭᠤᠤ ᠶᠡᠭᠡ ᠬᠤᠪᠢᠰᠬᠠᠯᠴᠢ᠂ ᠪᠠᠶᠢᠯᠳᠤᠬᠤ ᠪᠣᠳᠣᠯᠭᠠᠲᠠᠨ᠂ ᠣᠨᠣᠯᠴᠢ ᠮᠥᠨ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠠᠭᠤᠤ ᠶᠡᠭᠡ ᠡᠭᠦᠳᠦᠨ ᠨᠡᠭᠡᠭᠡᠭᠴᠢ᠂ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠠᠭᠤᠤ ᠶᠡᠭᠡ ᠰᠠᠭᠤᠷᠢᠯᠠᠭᠴᠢ ᠮᠥᠨ᠂ ᠣᠷᠴᠢᠨ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠠᠭᠤᠤ ᠶᠡᠭᠡ ᠤᠯᠤᠰ ᠢᠶᠠᠨ ᠬᠠᠶᠢᠷᠠᠯᠠᠭᠴᠢ ᠪᠠ ᠦᠨᠳᠦᠰᠦᠲᠡᠨ ᠤ ᠪᠠᠭᠠᠲᠤᠷ ᠮᠥᠨ᠂ ᠨᠠᠮ ᠤᠨ ᠨᠢᠭᠡᠳᠦᠭᠡᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ ᠮᠥᠨ᠂ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠥᠪᠡᠷ ᠤᠨ ᠬᠤᠪᠢ ᠵᠠᠶᠠᠭ᠎ᠠ ᠪᠠ ᠤᠯᠤᠰ ᠣᠷᠣᠨ ᠤ ᠳᠦᠷᠰᠦ ᠪᠠᠶᠢᠳᠠᠯ ᠢᠶᠠᠨ ᠲᠤᠶᠢᠯᠪᠤᠷᠢᠲᠠᠢ ᠬᠤᠪᠢᠷᠠᠭᠤᠯᠤᠭᠰᠠᠨ ᠨᠢᠭᠡᠨ ᠦᠶ᠎ᠡ ᠶᠢᠨ ᠠᠭᠤᠤ ᠶᠡᠭᠡ ᠬᠥᠮᠥᠨ ᠮᠥᠨ᠂ ᠳᠡᠯᠡᠬᠡᠢ ᠶᠢᠨ ᠳᠠᠷᠤᠯᠠᠭᠳᠠᠵᠤ ᠪᠠᠶᠢᠭᠰᠠᠨ ᠦᠨᠳᠦᠰᠦᠲᠡᠨ ᠤ ᠴᠢᠯᠦᠭᠡᠯᠡᠯᠲᠡ ᠪᠠ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ ᠤᠨ ᠦᠵᠡᠯᠲᠡᠨ ᠮᠥᠨ᠃ ᠮᠠᠤ ᠽᠧ ᠳ᠋ᠦᠩ ᠤᠨ ᠦᠵᠡᠯ ᠰᠠᠨᠠᠭ᠎ᠠ ᠪᠣᠯ ᠮᠠᠨ ᠤ ᠨᠠᠮ ᠤᠨ ᠡᠷᠬᠢᠮ ᠨᠠᠨᠳᠢᠨ ᠤᠶᠦᠠ ᠰᠠᠨᠠᠭᠠᠨ ᠤ ᠡᠳ᠋ ᠪᠠᠶᠠᠯᠢᠭ ᠮᠥᠨ ᠪᠣᠯᠬᠤᠷ ᠪᠢᠳᠡᠨ ᠤ ᠤᠢᠢᠯᠠ ᠠᠵᠢᠯᠯᠠᠭ᠎ᠠ ᠶᠢ ᠤᠷᠳᠦ ᠬᠤᠭᠤᠴᠠᠭ᠎ᠠ ᠪᠠᠷ ᠵᠢᠯᠤᠭᠤᠳᠬᠤ ᠪᠣᠯᠣᠨ᠎ᠠ᠃ ᠮᠠᠤ ᠽᠧ ᠳ᠋ᠦᠩ ᠨᠥᠬᠦᠷ ᠢ ᠳᠤᠷᠠᠰᠬᠠᠬᠤ ᠬᠠᠮᠤᠭ ᠤᠨ ᠰᠠᠶᠢᠨ ᠠᠷᠭ᠎ᠠ ᠪᠣᠯ ᠳᠠᠷᠤᠢ ᠲᠡᠭᠦᠨ ᠤ ᠡᠭᠦᠳᠦᠨ ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠶᠠᠷᠢᠯᠴᠠᠬᠤ ᠬᠤᠷᠠᠯ ᠳᠤ ᠣᠷᠣᠯᠴᠠᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠼᠠᠢ ᠴᠢ ᠶᠠᠷᠢᠯᠴᠠᠬᠤ ᠬᠤᠷᠠᠯ ᠢ ᠡᠷᠭᠢᠯᠡᠪᠡ᠃      ᠰᠢ ᠶᠢᠨ ᠫᠢᠩ ᠶᠠᠷᠢᠶᠠᠨ ᠳᠠᠭᠠᠨ᠂ ᠮᠠᠤ ᠽᠧ ᠳ᠋ᠦᠩ ᠨᠥᠬᠦᠷ ᠤᠨ ᠨᠢᠭᠡ ᠨᠠᠰᠤ ᠪᠣᠯ ᠤᠯᠤᠰ ᠤᠨ ᠪᠠᠶᠠᠵᠢᠯ ᠬᠦᠴᠦᠷᠬᠡᠭᠵᠢᠯ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠴᠥᠬᠦᠷᠡᠰᠢ ᠦᠭᠡᠢ ᠲᠡᠮᠡᠴᠡᠭᠰᠡᠨ ᠨᠢᠭᠡ ᠨᠠᠰᠤ ᠮᠥᠨ᠃ ᠲᠡᠷᠡ ᠠᠷᠠᠳ ᠲᠦᠮᠡᠨ ᠢ ᠳᠠᠭᠠᠭᠤᠯᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠲᠡᠦᠬᠡᠨ ᠠᠬᠢᠴᠠ ᠶᠢ ᠨᠡᠭᠡᠭᠡᠵᠦ᠂ ᠠᠭᠤᠤ ᠶᠡᠭᠡ ᠢᠷᠠᠭᠤ ᠠᠯᠳᠠᠷᠲᠠᠢ ᠵᠥᠪ ᠣᠨᠣᠪᠴᠢᠲᠠᠢ ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ ᠪᠤᠯᠪᠠᠰᠤᠷᠠᠭᠤᠯᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠰᠢᠨ᠎ᠡ ᠳᠤᠮᠳᠠᠳᠤ ᠤᠯᠤᠰ ᠢ ᠪᠠᠶᠢᠭᠤᠯᠵᠤ᠂ ᠲᠡᠷᠢᠭᠦᠨ ᠤ ᠨᠡᠶᠢᠭᠡᠮ ᠵᠢᠷᠤᠮᠲᠤ ᠪᠠᠶᠢᠭᠤᠯᠤᠯ ᠢ ᠡᠭᠦᠳᠦᠨ ᠪᠠᠶᠢᠭᠤᠯᠵᠤ᠂ ᠬᠠᠨᠳᠤᠭᠰᠠᠨ ᠵᠦᠭ ᠳᠠᠶᠢᠰᠤᠨ ᠦᠭᠡᠢ ᠰᠢᠨ᠎ᠡ ᠮᠠᠶ᠋ᠢᠭ ᠤᠨ ᠠᠷᠠᠳ ᠤᠨ ᠴᠡᠷᠢᠭ ᠠᠩᠭᠢ ᠶᠢ ᠴᠣᠭᠴᠠᠯᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠤᠯᠤᠰ ᠤᠨ ᠠᠷᠠᠳ ᠲᠦᠮᠡᠨ ᠳᠤ ᠪᠠᠯᠠᠷᠠᠰᠢ ᠦᠭᠡᠢ ᠲᠡᠦᠬᠡᠨ ᠭᠠᠪᠢᠶ᠎ᠠ ᠵᠢᠳᠬᠦᠯ ᠪᠠᠶᠢᠭᠤᠯᠵᠤ᠂ ᠭᠡᠷᠡᠯ ᠰᠠᠴᠤᠷᠠᠩᠭᠤᠢ ᠥᠨᠢ ᠤᠳᠠᠭᠠᠨ ᠲᠡᠦᠬᠡᠨ ᠬᠤᠪᠢ ᠨᠡᠮᠡᠷᠢ ᠦᠵᠡᠭᠦᠯᠪᠡ  ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠮᠠᠤ ᠽᠧ ᠳ᠋ᠦᠩ ᠨᠥᠬᠦᠷ ᠥᠪᠡᠷ ᠤᠨ ᠨᠢᠭᠡ ᠨᠠᠰᠤ ᠪᠠᠨ ᠨᠠᠮ ᠪᠣᠯᠣᠨ ᠠᠷᠠᠳ ᠲᠦᠮᠡᠨ ᠳᠡᠭᠡᠨ ᠵᠣᠷᠢᠭᠤᠯᠵᠤ᠂ ᠬᠤᠵᠢᠮ ᠤᠨ ᠬᠥᠮᠥᠰ ᠢ ᠥᠨᠢᠳᠡ ᠵᠣᠷᠢᠭᠵᠢᠭᠤᠯᠬᠤ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠶᠢ ᠦᠯᠡᠳᠡᠭᠡᠭᠰᠡᠨ ᠶᠤᠮ᠃ ᠮᠠᠤ ᠽᠧ ᠳ᠋ᠦᠩ ᠨᠥᠬᠦᠷ ᠨᠢᠭᠡᠨ ᠠᠭᠤᠤ ᠶᠡᠭᠡ ᠬᠤᠪᠢᠰᠬᠠᠯ ᠤᠨ ᠤᠳᠤᠷᠢᠳᠤᠭᠴᠢ ᠶᠢᠨ ᠥᠨᠳᠥᠷ ᠲᠤ ᠵᠣᠭᠰᠣᠨ ᠠᠯᠤᠰ ᠢ ᠪᠠᠷᠠᠯᠠᠬᠤ ᠤᠯᠤᠰ ᠲᠦᠷᠦ ᠶᠢᠨ ᠠᠯᠤᠰ ᠤᠨ ᠬᠠᠷᠠᠴᠠ᠂ ᠡᠷᠡᠰ ᠭᠤᠶᠢᠪᠢᠰᠢ ᠦᠭᠡᠢ ᠬᠤᠪᠢᠰᠬᠠᠯᠲᠤ ᠢᠲᠡᠭᠡᠯ ᠪᠢᠰᠢᠷᠡᠯ᠂ ᠵᠣᠷᠢᠭᠲᠠᠢ ᠪᠠᠷ ᠵᠠᠮ ᠨᠡᠭᠡᠭᠡᠬᠦ ᠶᠡᠷᠦ ᠪᠤᠰᠤ ᠶᠢᠨ ᠰᠥᠰᠥ ᠵᠣᠷᠢᠭ᠂ ᠮᠠᠰᠢ ᠪᠣᠯᠪᠠᠰᠤᠷᠠᠩᠭᠤᠢ ᠲᠡᠮᠡᠴᠡᠯ ᠤᠨ ᠤᠷᠠᠯᠢᠭ᠂ ᠰᠢᠯᠭᠠᠷᠠᠭᠰᠠᠨ ᠬᠡᠲᠦᠶᠢᠳᠦᠭᠰᠡᠨ ᠤᠳᠤᠷᠢᠳᠬᠤ ᠠᠪᠢᠶᠠᠰ ᠴᠢᠳᠠᠪᠤᠷᠢ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠴᠢᠩ ᠦᠨᠡᠨᠴᠢ ᠰᠡᠳᠬᠢᠯᠭᠡ᠂ ᠬᠠᠨᠠᠭᠠᠷ ᠠᠭᠤᠳᠠᠮ ᠬᠡᠬᠦᠳᠡᠭ ᠴᠡᠭᠡᠵᠢ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠰᠢᠯᠢᠳᠡᠭ ᠰᠤᠷᠲᠠᠯ ᠢ ᠢᠯᠡᠷᠡᠭᠦᠯᠵᠦ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠶᠢᠷ᠎ᠠ ᠬᠦᠨᠳᠦᠳᠬᠡᠯ ᠪᠠ ᠬᠦᠨᠳᠦᠳᠬᠡᠯ ᠪᠢᠰᠢᠷᠡᠯ ᠢ ᠣᠯᠣᠭᠰᠠᠨ ᠪᠠᠶᠢᠨ᠎ᠠ ᠂ ᠮᠠᠤ ᠽᠧ ᠳ᠋ᠦᠩ ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠪᠣᠯ ᠪᠢᠳᠡᠨ ᠤ ᠦᠷᠭᠦᠯᠵᠢᠯᠡᠨ ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠡᠭᠦᠷᠢᠳᠡ ᠶᠢᠨ ᠬᠦᠴᠦᠷᠬᠡᠭ ᠶᠡᠭᠡ ᠬᠥᠳᠡᠯᠭᠡᠭᠴᠢ ᠬᠦᠴᠦᠨ ᠮᠥᠨ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠭᠤᠣᠯ ᠡᠭᠦᠷᠭᠡ ᠪᠣᠯᠣᠨ᠎ᠠ᠃ ᠡᠨᠡ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠪᠡᠶᠡᠯᠡᠭᠦᠯᠦᠭᠡ ᠦᠭᠡᠢ ᠦᠢᠯᠡᠰ ᠮᠥᠨ᠂ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃ ᠰᠢᠨ᠎ᠡ ᠠᠶᠠᠨ ᠳᠠᠭᠠᠨ ᠪᠢᠳᠡ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠳᠤᠮᠳᠠᠳᠤ ᠤᠯᠤᠰ ᠤᠨ ᠠᠷᠠᠳ ᠲᠦᠮᠡᠨ ᠤ ᠦᠢᠯᠡᠰ ᠮᠥᠨ᠂ ᠡᠷᠬᠡᠪᠰᠢ ᠠᠷᠠᠳ ᠲᠦᠮᠡᠨ ᠳᠤ ᠨᠢᠭᠲᠠ ᠲᠦᠰᠢᠭᠯᠡᠵᠦ᠂ ᠠᠷᠠᠳ ᠲᠦᠮᠡᠨ ᠤ ᠳᠤᠮᠳᠠ ᠬᠠᠳᠠᠭᠠᠯᠠᠭᠳᠠᠵᠤ ᠪᠠᠶᠢᠭ᠎ᠠ ᠬᠢᠵᠠᠭᠠᠯᠠᠰᠢ ᠦᠭᠡᠢ ᠤᠶᠤᠨ ᠤᠬᠠᠭᠠᠨ ᠪᠣᠯᠣᠨ ᠬᠦᠴᠦᠨ ᠴᠢᠳᠠᠯ ᠢ ᠨᠢᠭᠲᠠᠷᠠᠭᠤᠯᠵᠤ᠂ ᠪᠦᠭᠦ ᠠᠷᠠᠳ ᠲᠦᠮᠡᠨ ᠤ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠭᠦᠢᠴᠡᠳ ᠬᠥᠭᠵᠢᠭᠡᠬᠦ ᠬᠡᠷᠡᠭᠲᠡᠢ᠃ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠬᠦ ᠦᠨᠳᠦᠰᠦᠨ ᠬᠥᠳᠡᠯᠭᠡᠬᠦ ᠬᠦᠴᠦᠨ ᠮᠥᠨ ᠭᠡᠬᠦ ᠲᠡᠦᠬᠡ ᠶᠢᠨ ᠪᠣᠳᠠᠰᠴᠢ ᠦᠵᠡᠯ ᠤᠨ ᠦᠨᠳᠦᠰᠦᠨ ᠦᠵᠡᠯᠲᠡ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠬᠤ᠂ ᠰᠠᠶᠢᠲᠤᠷ ᠪᠡᠶᠡᠯᠡᠭᠦᠯᠬᠦ᠂ ᠰᠠᠶᠢᠲᠤᠷ ᠬᠥᠭᠵᠢᠭᠦᠯᠬᠦ ᠪᠠᠷ ᠠᠯᠢᠪᠠ ᠠᠵᠢᠯ ᠤᠨ ᠵᠣᠷᠢᠯᠲᠠ ᠪᠠ ᠲᠤᠰᠤᠯᠲᠠ ᠪᠤᠯᠭᠠᠵᠤ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠨᠢᠭᠡᠲᠡᠢ᠂ ᠬᠤᠪᠢ ᠵᠠᠶᠠᠭ᠎ᠠ ᠨᠢᠭᠡᠲᠡᠢ᠂ ᠰᠡᠳᠬᠢᠯ ᠵᠢᠷᠦᠬᠡᠨ ᠤ ᠬᠤᠯᠪᠤᠭ᠎ᠠ ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠤᠭ ᠤᠨ ᠨᠠᠶᠢᠳᠠᠪᠤᠷᠢᠲᠠᠢ᠂ ᠬᠠᠮᠤᠭ ᠤᠨ ᠭᠦᠨ ᠵᠤᠵᠠᠭᠠᠨ᠂ ᠬᠠᠮᠤᠭ ᠤᠨ ᠤᠳᠠᠭᠠᠨ ᠳᠠᠭᠠᠭᠠᠮᠠᠭᠠᠢ ᠬᠦᠴᠦᠨ ᠴᠢᠳᠠᠯ ᠤᠨ ᠡᠬᠢ ᠰᠤᠷᠪᠤᠯᠵᠢ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠮᠠᠷᠺᠰ ᠤᠨ ᠦᠵᠡᠯ ᠢ ᠡᠷᠡᠰ ᠭᠤᠶᠢᠪᠢᠰᠢ ᠦᠭᠡᠢ ᠪᠠᠷᠢᠮᠲᠠᠯᠠᠨ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠬᠥᠭᠵᠢᠭᠦᠯᠵᠦ᠂ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠵᠤ᠂ ᠤᠬᠠᠮᠰᠠᠷ ᠠᠴᠠ ᠪᠠᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ ᠤᠨ ᠦᠵᠡᠯ ᠢᠶᠠᠷ ᠰᠢᠨ᠎ᠡ ᠦᠢᠯᠡᠳᠦᠯᠭᠡ ᠶᠢ ᠵᠢᠯᠣᠭᠤᠳᠤᠭᠤᠯᠬᠤ ᠪᠣᠯ ᠮᠠᠨ ᠤ ᠨᠠᠮ ᠤᠨ ᠲᠡᠦᠬᠡ ᠶᠢᠨ ᠰᠠᠨᠠᠭᠠᠴᠢᠯᠠᠭ᠎ᠠ ᠶᠢ ᠡᠵᠡᠮᠳᠡᠵᠦ᠂ ᠴᠠᠭ ᠦᠶ᠎ᠡ ᠶᠢᠨ ᠠᠯᠬᠤᠭ᠎ᠠ ᠶᠢ ᠲᠠᠭᠠᠵᠤ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠠᠮᠵᠢᠯᠲᠠ ᠲᠠᠢ ᠠᠷᠭ᠎ᠠ ᠵᠠᠮ ᠮᠥᠨ᠃ ᠦᠢᠯᠡᠳᠦᠯᠭᠡ ᠬᠡᠵᠢᠶᠡᠳᠡ ᠳᠠᠭᠤᠰᠤᠰᠢ ᠦᠭᠡᠢ᠂ ᠤᠨᠤᠯ ᠤᠨ ᠰᠢᠨ᠎ᠡ ᠡᠭᠦᠳᠦᠯᠲᠡ ᠬᠡᠵᠢᠶᠡᠳᠡ ᠳᠠᠭᠤᠰᠤᠰᠢ ᠦᠭᠡᠢ᠂ ᠦᠨᠡᠨ ᠶᠣᠰᠣ ᠶᠢ ᠲᠠᠨᠢᠬᠤ ᠶᠠᠪᠤᠳᠠᠯ ᠬᠡᠵᠢᠶᠡᠳᠡ ᠳᠠᠭᠤᠰᠤᠰᠢ ᠦᠭᠡᠢ ᠶᠤᠮ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠨᠠᠮ ᠤᠨ ᠤᠨᠤᠯ ᠤᠨ ᠰᠢᠨ᠎ᠡ ᠡᠭᠦᠳᠦᠯᠲᠡ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠨ ᠥᠭᠴᠦ᠂ ᠨᠡᠩ ᠪᠡᠷᠬᠡ ᠬᠠᠲᠠᠭᠤᠵᠢᠯᠲᠠᠢ ᠰᠢᠨ᠎ᠡ ᠡᠭᠦᠷᠭᠡ ᠳᠤᠷᠠᠳᠴᠠᠢ᠃ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ ᠶᠢ ᠭᠦᠨᠵᠡᠭᠡᠢ ᠬᠠᠶᠢᠨ ᠰᠦᠪᠡᠭᠴᠢᠯᠡᠵᠦ᠂ ᠦᠢᠯᠡᠳᠦᠯᠭᠡ ᠳᠤ ᠲᠤᠯᠭᠠᠷᠠᠭᠰᠠᠨ ᠴᠣ ᠰᠢᠨ᠎ᠡ ᠰᠡᠳᠦᠪ ᠢ ᠲᠠᠰᠤᠷᠠᠯᠲᠠ ᠦᠭᠡᠢ ᠬᠠᠷᠢᠭᠤᠯᠵᠤ᠂ ᠤᠨᠤᠯ ᠤᠨ ᠰᠢᠨ᠎ᠡ ᠡᠭᠦᠳᠦᠯᠲᠡ ᠪᠠᠷ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠪᠣᠯᠣᠨ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ᠂ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠦᠭᠡᠯᠡᠨ ᠴᠢᠩᠭᠠᠷᠠᠭᠤᠯᠬᠤ ᠬᠡᠷᠡᠭᠲᠡᠢ᠃ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ᠂ ᠦᠢᠯᠡᠳᠦᠯᠭᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠵᠣᠬᠢᠴᠠᠵᠤ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠢᠶᠠᠷ᠂ ᠦᠨᠡᠨ ᠬᠦ ᠬᠢᠵᠦ᠂ ᠬᠠᠲᠠᠭᠤ ᠲᠠᠢ ᠬᠠᠯᠳᠠᠵᠤ᠂ ᠤᠨᠢᠨ ᠳᠡᠭᠡᠷ᠎ᠡ ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠲᠠᠢ ᠠᠭᠢᠬᠤ ᠶᠢ ᠬᠢᠵᠠᠭᠠᠷᠯᠠᠵᠤ ᠪᠠᠶᠢᠭ᠎ᠠ ᠠᠯᠢᠪᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠡᠷᠡᠰ ᠠᠷᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠰᠢᠨ᠎ᠡ ᠬᠥᠳᠡᠯᠭᠡᠬᠦ ᠬᠦᠴᠦᠨ ᠢ ᠪᠦᠭᠦ ᠲᠠᠯ᠎ᠠ ᠪᠠᠷ ᠲᠠᠰᠤᠷᠠᠯᠳᠠ ᠦᠭᠡᠢ ᠨᠡᠮᠡᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠣᠷᠣᠨ ᠵᠠᠢ ᠶᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠣᠳᠣᠬᠢᠴᠢᠯᠠᠯᠲᠠ ᠮᠥᠨ᠂ ᠭᠠᠭᠴᠠ ᠬᠦ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠪᠥᠭᠡᠳ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂ ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠪᠠᠯ ᠰᠠᠶ᠋ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠠᠪᠠᠯᠭᠠᠨ ᠢ ᠰᠥᠷᠦᠨ ᠤᠷᠤᠭᠰᠢᠯᠠᠵᠤ᠂ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ ᠠᠬᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠮᠠᠨ ᠤ ᠨᠠᠮ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠤᠷᠤᠭᠰᠢᠯᠠᠭᠤᠯᠵᠤ᠂ ᠢᠮᠠᠭᠲᠠ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠠᠶᠢᠯᠭᠠᠵᠤ᠂ ᠮᠠᠨ ᠤ ᠨᠠᠮ ᠢ ᠡᠭᠦᠷᠢᠳᠡ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠠᠤᠭ᠎ᠠ ᠦᠢᠯᠡᠰ ᠢ ᠪᠦᠲᠦᠭᠡᠬᠦ ᠶᠢ ᠱᠠᠭᠠᠷᠳᠠᠨ᠎ᠠ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠡᠭᠴᠤᠳ ᠰᠢᠶᠠᠩᠭᠠᠩ ᠢᠶᠠᠨ ᠵᠠᠰᠠᠬᠤ︾᠂ ︽ᠣᠣᠮᠧᠨᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠣᠣᠮᠧᠨ ᠢ ᠵᠠᠰᠠᠬᠤ ᠶᠢ ᠪᠠᠷᠢᠮᠲᠠᠯᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠤᠯᠤᠰ ᠢᠶᠠᠨ ᠬᠠᠶᠢᠷᠠᠯᠠᠬᠤ ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠤᠯᠤᠰ ᠢᠶᠠᠨ ᠬᠠᠶᠢᠷᠠᠯᠠᠬᠤ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠵᠤ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠠ ᠵᠠᠰᠠᠭ ᠵᠠᠬᠢᠷᠭᠠᠨ ᠤ ᠣᠨᠴᠠᠭᠠᠢ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢᠨ ᠨᠢᠭᠡᠳᠦᠯ ᠢ ᠪᠠᠲᠤᠯᠠᠬᠤ ᠶᠢ ᠪᠠᠷᠢᠮᠲᠠᠯᠠᠬᠤ ᠬᠡᠷᠡᠭᠲᠡᠢ᠃ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠡᠮᠵᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ᠂ ᠤᠯᠤᠰ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠭᠤᠯᠬᠤ ᠬᠡᠷᠡᠭᠲᠡᠢ᠃ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠣᠯ ᠴᠠᠭ ᠤᠨ ᠪᠠᠶᠢᠳᠠᠯ ᠤᠨ ᠬᠠᠨᠳᠤᠰᠢ᠂ ᠲᠥᠪ ᠶᠣᠰᠣᠨ ᠤ ᠬᠠᠨᠳᠤᠰᠢ᠂ ᠠᠷᠠᠳ ᠤᠨ ᠰᠡᠳᠬᠢᠯ ᠤᠨ ᠬᠠᠨᠳᠤᠰᠢ ᠮᠥᠨ᠂ ᠡᠬᠡ ᠣᠷᠣᠨ ᠡᠷᠬᠡᠪᠰᠢ ᠨᠢᠭᠡᠳᠬᠦ ᠬᠡᠷᠡᠭᠲᠡᠢ ᠪᠥᠭᠡᠳ ᠵᠠᠶᠢᠯᠠᠰᠢ ᠦᠭᠡᠢ ᠨᠢᠭᠡᠳᠬᠦ ᠶᠤᠮ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠡᠯ᠎ᠡ ᠬᠦᠷᠢᠶᠡᠨ ᠤ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ᠂ ᠶᠠᠮᠠᠷᠪᠠ ᠬᠥᠮᠥᠨ ᠤ ᠶᠠᠮᠠᠷᠪᠠ ᠠᠷᠭ᠎ᠠ ᠮᠠᠶ᠋ᠢᠭ ᠢᠶᠠᠷ ᠲᠠᠶᠢᠸᠠᠨ ᠢ ᠳᠤᠮᠳᠠᠳᠤ ᠤᠯᠤᠰ ᠠᠴᠠ ᠬᠠᠭᠠᠴᠠᠭᠤᠯᠤᠨ ᠰᠠᠯᠭᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠥᠭᠡᠳ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠠᠬᠢᠭᠤᠯᠤᠨ᠎ᠠ᠃ ᠪᠢᠳᠡ ᠡᠷᠡᠰ ᠪᠠᠲᠤ ᠪᠠᠷ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠤᠭ ᠢ ᠥᠨᠳᠥᠷ ᠮᠠᠨᠳᠤᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠳᠡᠭᠡᠨ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠤᠨ᠎ᠠ᠃ ᠪᠢᠳᠡ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠤᠨ ᠬᠥᠭᠵᠢᠯᠲᠡ ᠪᠣᠯ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ ᠤ ᠨᠡᠮᠡᠭᠳᠡᠯ ᠮᠥᠨ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠨ ᠴᠦ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠤᠯᠬᠤ ᠦᠭᠡᠢ᠂ ᠬᠡᠵᠢᠶᠡᠳᠡ ᠥᠷᠭᠡᠳᠬᠡᠯ ᠬᠢᠬᠦ ᠦᠭᠡᠢ ᠭᠡᠵᠦ ᠴᠢᠬᠤᠯᠠᠴᠢᠯᠠᠪᠠ᠃      ᠼᠠᠢ ᠴᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠤ ᠽᠧ ᠳ᠋ᠦᠩ ᠨᠥᠬᠦᠷ ᠤᠨ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ ᠶᠢ ᠤᠳᠤᠷᠢᠳᠤᠭᠰᠠᠨ ᠠᠭᠤᠤ ᠶᠡᠭᠡ ᠦᠢᠯᠡᠳᠦᠯᠭᠡ ᠶᠢ ᠭᠦᠨᠵᠡᠭᠡᠢ ᠡᠷᠭᠢᠴᠡᠭᠦᠯᠵᠦ᠂ ᠮᠠᠤ ᠽᠧ ᠳ᠋ᠦᠩ ᠨᠥᠬᠦᠷ ᠤᠨ ᠳᠤᠮᠳᠠᠳᠤ ᠶᠢᠨ ᠦᠨᠳᠦᠰᠦᠲᠡᠨ᠂ ᠳᠤᠮᠳᠠᠳᠤ ᠤᠯᠤᠰ ᠤᠨ ᠠᠷᠠᠳ ᠲᠦᠮᠡᠨ ᠳᠤ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠮᠠᠤ ᠽᠧ ᠳ᠋ᠦᠩ ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠᠭ᠎ᠠ ᠪᠣᠯ ᠪᠢᠳᠡᠨ ᠤ ᠦᠷᠭᠦᠯᠵᠢᠯᠡᠨ ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠵᠤ ᠂ ᠪᠣᠳᠠᠲᠤ ᠠᠵᠢᠯᠯᠠᠭ᠎ᠠ ᠪᠠᠷ ᠢᠶᠠᠨ ᠮᠠᠤ ᠽᠧ ᠳ᠋ᠦᠩ ᠨᠥᠬᠦᠷ ᠢ ᠳᠤᠷᠠᠰᠬᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠦᠢᠯᠡᠰ ᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠣᠳᠣ ᠮᠡᠷᠭᠡᠨ᠂ ᠨᠠᠷᠢᠨ ᠲᠣᠳᠣᠷᠬᠠᠢ ᠭᠦᠨ ᠭᠦᠨᠵᠡᠭᠡᠢ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠮᠠᠨ ᠤ ᠨᠠᠮ ᠤᠨ ᠮᠠᠤ ᠽᠧ ᠳ᠋ᠦᠩ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠡᠭᠦᠳᠦᠨ ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠪᠤᠶ ᠪᠤᠯᠭᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠪᠡ᠃      ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ ᠮᠢᠶᠣᠣ ᠬᠤᠸᠠ᠂ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠤᠷᠢᠳ ᠬᠤᠵᠢᠳ ᠦᠭᠡ ᠬᠡᠯᠡᠪᠡ᠃      ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃      ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ᠂ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠮᠠᠤ ᠽᠧ ᠳ᠋ᠦᠩ ᠨᠥᠬᠦᠷ ᠤᠨ ᠲᠦᠷᠦᠯ ᠰᠠᠳᠤᠨ᠂ ᠤᠤᠯ ᠤᠨ ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢ ᠵᠢᠴᠢ ︽ᠪᠦᠭᠦ ᠤᠯᠤᠰ ᠤᠨ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾ ᠳᠤ ᠣᠷᠣᠯᠴᠠᠬᠰᠠᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠠᠴᠠ ᠡᠮᠦᠨ᠎ᠡ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠤᠳᠤᠷᠢᠳᠬᠤ ᠨᠥᠬᠦᠳ ᠮᠠᠤ ᠲᠡᠷᠢᠭᠦᠯᠡᠭᠴᠢ ᠶᠢᠨ ᠳᠤᠷᠠᠰᠬᠠᠯ ᠤᠨ ᠲᠠᠩᠬᠢᠮ ᠳᠤ ᠬᠦᠷᠴᠦ ᠢᠷᠡᠪᠡ᠃ ᠬᠤᠶᠢᠲᠤ ᠶᠡᠭᠡ ᠲᠢᠩᠬᠢᠮ ᠳᠤ᠂ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠤᠯᠤᠰ ᠢᠶᠠᠨ ᠬᠠᠶᠢᠷᠠᠯᠠᠬᠤ ᠬᠥᠮᠥᠰ ᠤᠨ ᠬᠦᠷᠭᠡᠭᠰᠡᠨ ᠰᠠᠬᠰᠤᠲᠤ ᠴᠡᠴᠡᠭ ᠢ ᠮᠠᠤ ᠽᠧ ᠳ᠋ᠦᠩ ᠨᠥᠬᠦᠷ ᠤᠨ ᠰᠠᠭᠤᠮᠠᠯ ᠭᠦᠷᠦᠭ ᠤᠨ ᠡᠮᠦᠨ᠎ᠡ ᠲᠠᠯᠪᠢᠪᠠ᠃ ᠰᠢ ᠶᠢᠨ ᠫᠢᠩ ᠨᠠᠷ ᠮᠠᠤ ᠽᠧ ᠳ᠋ᠦᠩ ᠨᠥᠬᠦᠷ ᠤᠨ ᠰᠠᠭᠤᠮᠠᠯ ᠭᠦᠷᠦᠭ ᠲᠤ ᠭᠤᠷᠪᠠᠨᠲᠠ ᠶᠣᠰᠣᠯᠠᠵᠤ᠂ ᠳᠠᠷᠠᠭ᠎ᠠ ᠨᠢ ᠪᠠᠷᠠᠯᠠᠬᠤ ᠲᠢᠩᠬᠢᠮ ᠳᠤ ᠬᠦᠷᠴᠦ᠂ ᠮᠠᠤ ᠽᠧ ᠳ᠋ᠦᠩ ᠨᠥᠬᠦᠷ ᠤᠨ ᠭᠡᠭᠡᠨ ᠳᠦᠷᠢ ᠶᠢ ᠪᠠᠷᠠᠯᠠᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号