2 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ 2023 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠣᠨ ᠤ | ᠠᠵᠢᠯ ᠤᠨ ᠭᠤᠣᠯᠳᠠᠯᠭ᠎ᠠ ᠶᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ | ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠢ᠃ | ᠬᠤᠷᠠᠯ ᠠᠴᠠ᠂ ᠠᠵᠢᠯ ᠤᠨ ᠭᠤᠣᠯᠳᠠᠯᠭ᠎ᠠ ᠪᠣᠯ ᠪᠦᠭᠦ ᠵᠢᠯ ᠤᠨ ᠡᠭᠦᠷᠭᠡ ᠶᠢᠨ ᠳᠠᠩᠰᠠ ᠶᠢ ᠲᠤᠰᠢᠶᠠᠬᠤ | ᠶᠠᠪᠤᠳᠠᠯ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠭᠢᠯᠡᠭᠦ ᠶᠣᠰᠣᠯᠠᠯ | ᠳᠡᠭᠡᠷᠡᠬᠢ ᠴᠢᠬᠤᠯᠠ ᠶᠠᠷᠢᠶ᠎ᠠ ᠪᠠᠷ ᠵᠢᠯᠣᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠪᠣᠯᠣᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠴᠢᠩᠭ᠎ᠠ ᠬᠠᠷᠭᠤᠭᠤᠯᠤᠨ ᠪᠠᠷᠢᠮᠵᠢᠶᠠᠯᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠴᠢᠨᠠᠭᠰᠢᠳᠠ ᠲᠡᠭᠦᠯᠳᠡᠷᠵᠢᠭᠦᠯᠵᠦ᠂ | ᠳᠦᠷᠦᠯ ᠵᠦᠢᠯ ᠢ ᠣᠷᠬᠢᠭᠳᠠᠭᠤᠯᠬᠤ ᠦᠭᠡᠢ ᠳᠤᠲᠠᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠭᠤᠣᠯᠳᠠᠯᠭ᠎ᠠ ᠲᠠᠢ ᠡᠭᠦᠷᠭᠡ ᠶᠢ ᠨᠠᠷᠢᠨ ᠲᠠᠩᠰᠠ ᠶᠢᠨ ᠭᠡᠯᠪᠡᠷᠢ ᠪᠠᠷ ᠲᠣᠬᠢᠷᠠᠭᠤᠯᠵᠤ᠂ ᠨᠠᠷᠢᠨ ᠲᠠᠩᠰᠠ ᠶᠢᠨ | ᠭᠡᠯᠪᠡᠷᠢ ᠪᠠᠷ ᠠᠬᠢᠭᠤᠯᠵᠤ᠂ ᠰᠠᠷ᠎ᠠ ᠰᠠᠷ᠎ᠠ ᠠᠬᠢᠴᠠ ᠲᠠᠢ᠂ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠴᠢᠬᠤᠯᠠ ᠶᠡᠭᠡ ᠬᠤᠷᠠᠯ ᠠᠵᠢᠯᠯᠠᠭ᠎ᠠ ᠶᠢ ᠡᠷᠲᠡ ᠠᠴᠠ ᠲᠥᠯᠥᠪᠵᠢᠭᠦᠯᠵᠦ᠂ ᠡᠳᠦᠷ ᠲᠤᠲᠤᠮ ᠤᠨ ᠵᠥᠪᠯᠡᠭᠦ | ᠵᠦᠢᠯ ᠳᠡᠭᠡᠨ ᠣᠷᠣᠭᠤᠯᠵᠤ᠂ ᠲᠥᠰᠥᠯ ᠢᠶᠠᠨ ᠨᠠᠷᠢᠯᠢᠭᠵᠢᠭᠤᠯᠵᠤ᠂ ᠬᠤᠷᠠᠯ ᠠᠵᠢᠯᠯᠠᠭ᠎ᠠ ᠪᠣᠯᠭᠠᠨ ᠢ ᠦᠨᠡᠨ ᠪᠣᠳᠠᠲᠠᠢ | ᠡᠷᠭᠢᠯᠡᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠵᠠᠰᠠᠭ ᠤᠨ ᠣᠷᠳᠣᠨ ᠤ ᠠᠯᠪᠠᠨ ᠲᠢᠩᠬᠢᠮ ᠮᠥᠷᠳᠡᠨ | ᠪᠠᠶᠢᠴᠠᠭᠠᠵᠤ ᠠᠩᠬᠠᠷᠤᠯ ᠲᠠᠯᠪᠢᠨ ᠰᠢᠢᠳᠪᠦᠷᠢᠯᠡᠵᠦ᠂ ᠶᠠᠮᠠᠷ ᠠᠵᠢᠯ ᠨᠢ ᠤᠷᠤᠭᠰᠢᠲᠠᠢ ᠶᠠᠪᠤᠭᠳᠠᠵᠤ ᠦᠷ᠎ᠡ | ᠪᠦᠲᠦᠮᠵᠢ ᠨᠢ ᠰᠠᠶᠢᠨ ᠪᠠᠶᠢᠪᠠᠯ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ᠂ ᠶᠠᠮᠠᠷ ᠠᠵᠢᠯ ᠨᠢ ᠤᠳᠠᠭᠠᠨ ᠪᠠᠶᠢᠵᠤ | ᠬᠦᠴᠢᠷᠲᠡᠢ ᠪᠠᠶᠢᠪᠠᠯ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠶᠠᠪᠤᠳᠠᠯ ᠪᠦᠭᠦᠨ ᠢ ᠨᠢᠭᠡ ᠶᠢ ᠴᠦ | ᠣᠷᠬᠢᠭᠳᠠᠭᠤᠯᠤᠯ ᠦᠭᠡᠢ ᠪᠠᠷ ᠴᠠᠭ ᠲᠤᠬᠠᠢ ᠳᠤᠨᠢ ᠴᠢᠨᠠᠷ ᠰᠠᠶᠢᠲᠠᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |