ᠥᠪᠥᠷ ᠮᠣᠩᠭᠤᠯ ᠤᠨ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ 9 ᠲᠦᠮᠡᠨ ᠲᠥᠭᠦᠷᠢᠭ ᠢ ᠳᠠᠪᠠᠵᠤ ᠪᠥᠬᠦ ᠤᠯᠤᠰ ᠤᠨ ᠨᠠᠢᠮᠠᠳᠤᠭᠠᠷ ᠲᠤ ᠵᠢᠭᠰᠠᠭᠠᠭᠳᠠᠪᠠ 
ᠨᠡᠶᠢᠲᠡᠯᠡᠭᠰᠡᠨ ᠴᠠᠭ᠄
2023/2/13
     ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ᠄ 2022 ᠣᠨ ᠳᠤ᠂ ᠮᠠᠨ ᠤ ᠣᠷᠣᠨ ᠤ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ 9 ᠲᠦᠮᠡᠨ ᠲᠥᠭᠦᠷᠢᠭ ᠢ ᠳᠠᠪᠠᠨ᠂ 96474 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4. 2% ᠢᠶᠠᠷ ᠨᠡᠮᠡᠭᠳᠡᠪᠡ᠃ ᠡᠨᠡ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢ 2021 ᠣᠨ ᠳᠤ ᠪᠦᠬᠦ ᠣᠷᠣᠨ ᠤ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ 8 ᠲᠦᠮᠡᠨ ᠲᠥᠭᠦᠷᠢᠭ ᠢ ᠳᠠᠪᠠᠭᠰᠠᠨ ᠠᠴᠠ ᠬᠤᠶᠢᠰᠢ᠂ ᠥᠪᠥᠷ ᠮᠣᠩᠭᠤᠯ ᠤᠨ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠳᠠᠬᠢᠨ ᠨᠢᠭᠡ ᠰᠢᠨ᠎ᠡ ᠳᠡᠭᠲᠡᠷ ᠲᠤ ᠭᠠᠷᠤᠭᠰᠠᠨ ᠶᠠᠪᠤᠳᠠᠯ ᠪᠣᠯᠣᠨ᠎ᠠ᠂ ᠮᠥᠨ ᠴᠦ ᠥᠪᠥᠷ ᠮᠣᠩᠭᠤᠯ ᠤᠨ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠠᠩᠬ᠎ᠠ ᠤᠳᠠᠭ᠎ᠠ 9 ᠲᠦᠮᠡᠨ ᠲᠥᠭᠦᠷᠢᠭ ᠢ ᠳᠠᠪᠠᠨ᠂ ᠪᠦᠬᠦ ᠤᠯᠤᠰ ᠲᠤ ᠨᠠᠢᠮᠠᠳᠤᠭᠠᠷ ᠲᠤ ᠵᠢᠭᠰᠠᠭᠠᠭᠳᠠᠵᠤ᠂ 2021 ᠣᠨ ᠤ ᠬᠢ ᠠᠴᠠ ᠬᠤᠶᠠᠷ ᠪᠠᠶᠢᠷᠢ ᠳᠡᠭᠡᠭᠰᠢᠯᠡᠭᠰᠡᠨ ᠶᠠᠪᠤᠳᠠᠯ ᠪᠣᠯᠣᠨ᠎ᠠ᠃      2022 ᠣᠨ ᠳᠤ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ ᠣᠷᠴᠢᠨ ᠨᠥᠬᠦᠴᠡᠯ ᠪᠠ ᠥᠭᠡᠷᠡᠴᠢᠯᠡᠯᠲᠡ ᠬᠥᠭᠵᠢᠯᠲᠡ ᠶᠢ ᠲᠣᠭᠲᠠᠪᠤᠷᠢᠵᠢᠭᠤᠯᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠪᠦᠬᠦ ᠣᠷᠣᠨ ᠢᠶᠠᠷ ᠢᠶᠠᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠭᠤᠰᠢᠯᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ ᠥᠭᠡᠷᠡᠴᠢᠯᠡᠯᠲᠡ ᠶᠢ ᠠᠳᠬᠤᠬᠤ᠂ ᠨᠡᠭᠡᠭᠡᠯᠲᠡ ᠶᠢ ᠥᠷᠭᠡᠳᠬᠡᠬᠦ᠂ ᠶᠡᠭᠡ ᠲᠠᠯ᠎ᠠ ᠶᠢ ᠪᠠᠲᠤᠯᠠᠬᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠣᠷᠣᠭᠤᠯᠤᠯᠲᠠ ᠪᠠᠨ ᠨᠡᠮᠡᠭᠳᠡᠭᠦᠯᠬᠦ᠂ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠦᠢᠯᠡᠰ ᠢ ᠪᠤᠶᠢᠵᠢᠭᠤᠯᠬᠤ᠂ ᠬᠥᠳᠡᠯᠭᠡᠬᠦ ᠴᠢᠳᠠᠪᠤᠷᠢ ᠶᠢ ᠰᠣᠯᠢᠬᠤ ᠶᠢ ᠪᠠᠷᠢᠮᠲᠠᠯᠠᠵᠤ᠂ ᠪᠦᠲᠦᠴᠡ ᠶᠢ ᠲᠣᠬᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠠᠷᠢᠮᠲᠠᠯᠠᠨ᠂ ᠡᠯ᠎ᠡ ᠵᠦᠢᠯ ᠤᠨ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠵᠢᠴᠢ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠢᠳᠡᠪᠬᠢᠲᠡᠢ ᠪᠥᠭᠡᠳ ᠪᠦᠲᠦᠮᠵᠢᠲᠡᠢ ᠠᠷᠭᠠᠴᠠᠭᠠᠵᠤ᠂ ᠬᠤᠷᠸ᠎ᠠ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠭᠰᠠᠨ ᠢᠶᠠᠷ᠂ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠳᠤ ᠶᠡᠷᠦᠩᠬᠡᠢ ᠳᠤ ᠪᠠᠨ ᠲᠣᠭᠲᠠᠭᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠪᠠᠶᠢᠳᠠᠯ ᠢᠯᠡᠷᠡᠵᠡᠢ᠃ 2022 ᠣᠨ ᠳᠤ᠂ ᠪᠥᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2.3 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠪᠡ︔ ᠪᠥᠬᠦ ᠣᠷᠣᠨ ᠤ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 10776 ᠲᠥᠭᠦᠷᠢᠭ ᠥᠨᠳᠥᠷ ᠪᠣᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号