ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2023/2/14
     2 ᠰᠠᠷ᠎ᠠ ᠶᠢᠨ 13 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠤᠰ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠤᠨ ᠰᠡᠷᠡᠮᠵᠢ ᠶᠢᠨ ᠹᠢᠯᠢᠮ ᠢ ᠵᠣᠬᠢᠶᠠᠨ ᠪᠠᠶᠢᠭᠤᠯᠤᠨ ᠦᠵᠡᠵᠦ᠂ ᠬᠤᠯᠪᠣᠭᠳᠠᠯ ᠪᠦᠬᠦᠢ ᠲᠠᠯ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2023 ᠣᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠪᠦᠭᠦ ᠲᠠᠯ᠎ᠠ ᠳᠤ ᠬᠤᠯᠪᠣᠭᠳᠠᠨ᠎ᠠ᠃ ᠣᠷᠣᠨ ᠳᠠᠶᠠᠭᠠᠷ ᠢᠯᠠᠩᠭᠤᠶ᠎ᠠ ᠬᠠᠲᠤᠨ ᠭᠤᠣᠯ ᠳᠠᠭᠠᠤ ᠭᠠᠵᠠᠷ ᠣᠷᠣᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠲᠤᠨ ᠭᠤᠣᠯ ᠡᠵᠢ ᠭᠤᠣᠯ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠶᠡᠭᠡ ᠬᠠᠮᠠᠭᠠᠯᠠᠯᠲᠠ ᠶᠢ ᠵᠠᠩᠭᠢᠯᠠᠭ᠎ᠠ ᠶᠢᠨ ᠡᠭᠦᠷᠭᠡ ᠪᠤᠯᠭᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠬᠠᠮᠵᠢᠯᠴᠠᠨ ᠠᠬᠢᠭᠤᠯᠵᠤ᠂ ᠬᠥᠷᠥᠰᠥ ᠰᠢᠷᠣᠢ ᠶᠢᠨ ᠤᠷᠤᠰᠬᠠᠭᠳᠠᠯ ᠪᠣᠯᠣᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ ᠳᠣᠪᠤᠶᠢᠮ᠎ᠠ ᠰᠠᠶᠢᠲᠤᠷ ᠠᠳᠬᠤᠬᠤ ᠬᠡᠷᠡᠭᠲᠡᠢ᠃ ᠬᠠᠲᠤᠨ ᠭᠤᠣᠯ ᠤᠨ ᠤᠷᠤᠰᠬᠠᠯ ᠤᠨ ᠵᠠᠮ ᠢ ︽ᠳᠤᠷ᠎ᠠ ᠪᠠᠷ ᠢᠶᠠᠨ ᠡᠵᠡᠯᠡᠨ ᠳᠤᠷ᠎ᠠ ᠪᠠᠷ ᠢᠶᠠᠨ ᠪᠦᠲᠦᠭᠡᠨ ᠪᠠᠶᠢᠭᠤᠯᠬᠤ︾ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ ᠡᠯ᠎ᠡ ᠲᠥᠷᠥᠯ ᠤᠨ ᠱᠠᠯᠠᠪᠳᠠᠭᠤᠯᠤᠨ ᠪᠠᠶᠢᠴᠠᠭᠠᠭᠰᠠᠨ᠂ ᠪᠠᠶᠢᠴᠠᠭᠠᠵᠤ ᠵᠢᠭᠠᠵᠤ ᠭᠠᠷᠭᠠᠭᠰᠠᠨ ᠪᠠ ᠢᠯᠡᠷᠡᠭᠦᠯᠦᠭᠰᠡᠨ ᠳᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠬᠠᠲᠤᠨ ᠭᠤᠣᠯ ᠳᠠᠭᠠᠤ ᠶᠢᠨ ᠭᠠᠵᠠᠷ ᠣᠷᠣᠨ ᠤ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ︽ᠤᠰᠤ ᠪᠠᠷ ᠳᠥᠷᠪᠡ ᠶᠢ ᠲᠣᠭᠲᠠᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠥᠨ ᠠᠮᠠ᠂ ᠬᠤᠲᠠ ᠪᠣᠯᠣᠨ ᠠᠵᠤ ᠦᠢᠯᠡᠰ ᠤᠨ ᠬᠥᠭᠵᠢᠯᠲᠡ ᠶᠢ ᠵᠣᠬᠢᠰᠲᠠᠢ ᠪᠠᠶᠢᠷᠢᠰᠢᠭᠤᠯᠤᠨ᠂ ᠪᠣᠬᠢᠷᠳᠤᠯ ᠶᠡᠬᠡᠲᠡᠢ᠂ ᠤᠰᠤᠨ ᠤ ᠬᠤᠷᠣᠭᠳᠠᠭᠤᠯᠤᠯ ᠶᠡᠬᠡᠲᠡᠢ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠲᠥᠷᠥᠯ ᠵᠦᠢᠯ ᠢ ᠴᠢᠩᠭ᠎ᠠ ᠬᠢᠵᠠᠭᠠᠷᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠤᠰᠤᠨ ᠤ ᠡᠬᠢ ᠪᠠᠶᠠᠯᠢᠭ ᠲᠤᠲᠠᠭᠳᠠᠵᠤ ᠪᠠᠶᠢᠭ᠎ᠠ ᠶᠢᠨ ᠬᠤᠭᠤᠷᠣᠨᠳᠣᠭᠢ ᠵᠥᠷᠢᠴᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠠᠲᠤᠨ ᠭᠤᠣᠯ ᠤᠨ ᠤᠰᠤ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠶᠢ ᠠᠬᠢᠭᠤᠯᠬᠤ ᠬᠡᠷᠡᠭᠲᠡᠢ᠃ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠪᠣᠯᠣᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠰᠠᠶᠢᠲᠤᠷ ᠠᠳᠬᠤᠵᠤ᠂ ᠬᠠᠳᠤᠨ ᠭᠤᠣᠯ ᠳᠠᠭᠠᠤ ᠭᠠᠵᠠᠷ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠴᠢᠷᠮᠠᠶᠢᠨ ᠪᠤᠵᠠᠭᠠᠶᠢᠷᠠᠭᠤᠯᠵᠤ᠂ ᠬᠠᠳᠤᠨ ᠭᠤᠣᠯ ᠢ ᠬᠠᠮᠠᠭᠠᠯᠠᠬᠤ ᠪᠠ ᠵᠠᠰᠠᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠬᠠᠲᠤᠨ ᠭᠤᠣᠯ ᠤᠨ ᠰᠣᠶᠣᠯ ᠤᠨ ᠲᠤᠬᠠᠢ ᠰᠤᠳᠤᠯᠭᠠᠨ ᠢ ᠴᠢᠩᠭᠠᠳᠬᠠᠵᠤ᠂ ᠥᠪᠥᠷ ᠮᠣᠩᠭᠤᠯ ᠤᠨ ︽ᠬᠠᠲᠤᠨ ᠭᠤᠣᠯ ᠤᠨ ᠥᠯᠢᠭᠡᠷ︾ ᠢ ᠰᠠᠶᠢᠲᠤᠷ ᠶᠠᠷᠢᠵᠤ᠂ ᠬᠠᠲᠤᠨ ᠭᠤᠣᠯ ᠤᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠰᠠᠶᠢᠲᠤᠷ ᠠᠭᠤᠳᠠᠯᠬᠤ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号